ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︽ᠨᠠᠮ ᠤᠨ ᠪᠠᠶᠢᠭᠤᠯᠤᠯᠲᠠ ᠪᠠᠷ ᠡᠷᠡᠭᠦᠯ ᠮᠡᠨᠳᠦ ᠶᠢ ᠬᠥᠲᠥᠯᠥᠨ ᠳᠠᠭᠠᠭᠤᠯᠵᠤ ᠠᠮᠤᠷ ᠲᠦᠪᠰᠢᠨ ᠢ ᠬᠠᠮᠠᠭᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/6/18
      ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ ᠪᠠᠶᠢᠭᠤᠯᠤᠯᠲᠠ ᠶᠢᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠬᠦ ᠶᠢᠨ ᠲᠥᠯᠥᠭᠡ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 6 ᠰᠠᠷ᠎ᠠ ᠶᠢᠨ 12 ᠤ ᠡᠳᠦᠷ ᠠᠴᠠ ᠡᠬᠢᠯᠡᠨ ᠦᠨᠳᠦᠰᠦᠨ ᠱᠠᠲᠤᠨ ᠳᠤ ᠭᠦᠨᠵᠡᠭᠡᠢᠷᠡᠨ ᠠᠯᠪᠠᠨ ᠵᠢᠷᠤᠮ ᠤᠨ ᠡᠮᠴᠢᠯᠡᠭᠡ ᠬᠢᠵᠦ᠂ ︽ᠨᠠᠮ ᠤᠨ ᠪᠠᠶᠢᠭᠤᠯᠤᠯᠲᠠ ᠪᠠᠷ ᠡᠷᠡᠭᠦᠯ ᠮᠡᠨᠳᠦ ᠶᠢ ᠬᠥᠲᠥᠯᠥᠨ ᠳᠠᠭᠠᠭᠤᠯᠵᠤ ᠠᠮᠤᠷ ᠲᠦᠪᠰᠢᠨ ᠢ ᠬᠠᠮᠠᠭᠠᠯᠠᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠤᠳᠤᠷᠢᠳᠬᠤ ᠪᠠᠭ ᠡᠮ ᠡᠮᠨᠡᠯᠭᠡ ᠶᠢᠨ ᠪᠦᠯᠬᠦᠮ ᠳᠠᠭᠠᠭᠤᠯᠤᠨ ᠬᠡᠷᠦᠯᠦᠨ ᠰᠤᠮᠤ ᠶᠢᠨ ᠴᠡᠴᠡᠭᠯᠡᠯ ᠭᠠᠴᠠᠭ᠎ᠠ᠂ ᠮᠠᠩᠯᠠᠢ ᠭᠠᠴᠠᠭᠠᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ︽ᠨᠠᠮ ᠤᠨ ᠪᠠᠶᠢᠭᠤᠯᠤᠯᠲᠠ + ᠡᠮ ᠡᠮᠨᠡᠯᠭᠡ︾ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ ᠭᠠᠴᠠᠭᠠᠨ ᠤ ᠮᠠᠯᠴᠢᠳ ᠲᠤ ᠡᠷᠡᠭᠦᠯ ᠮᠡᠨᠳᠦ ᠶᠢᠨ ᠦᠢᠯᠡᠴᠢᠯᠡᠭᠡ ᠬᠦᠷᠭᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠰᠠᠯᠠᠭ᠎ᠠ ᠲᠠᠰᠤᠭ ᠤᠨ ᠲᠤᠰᠬᠠᠢ ᠮᠡᠷᠭᠡᠵᠢᠯᠲᠡᠨ ᠪᠠ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠠᠯᠴᠢᠳ ᠲᠤ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠬᠠᠶᠢᠷ᠎ᠠ ᠬᠠᠯᠠᠮᠵᠢ ᠶᠢ ᠬᠦᠷᠭᠡᠪᠡ᠃ ᠳᠣᠲᠣᠷ ᠰᠠᠯᠠᠭᠠᠨ ᠤ ᠲᠤᠰᠬᠠᠢ ᠮᠡᠷᠭᠡᠵᠢᠯᠲᠡᠳ ᠦᠷᠭᠦᠯᠵᠢ ᠲᠣᠬᠢᠶᠠᠯᠳᠤᠳᠠᠭ ᠤᠳᠠᠭᠠᠨ ᠴᠢᠨᠠᠷᠲᠠᠢ ᠡᠪᠡᠳᠴᠢᠨ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠳᠤ ᠴᠢᠭᠯᠡᠭᠦᠯᠦᠨ᠂ ᠢᠳᠡᠭᠡᠨ ᠤᠮᠳᠠᠭᠠᠨ᠂ ᠡᠮ ᠬᠡᠷᠡᠭᠯᠡᠬᠦ ᠥᠪᠡᠷᠮᠢᠴᠡ ᠰᠠᠨᠠᠭᠤᠯᠭ᠎ᠠ ᠬᠠᠩᠭᠠᠪᠠ᠃ ᠮᠣᠩᠭᠤᠯ ᠡᠮᠨᠡᠯᠭᠡ ᠶᠢᠨ ᠲᠤᠰᠬᠠᠶ ᠮᠡᠷᠭᠡᠵᠢᠯᠲᠡᠨ ᠤᠯᠠᠮᠵᠢᠯᠠᠯᠲᠤ ᠮᠣᠩᠭᠤᠯ ᠡᠮᠨᠡᠯᠭᠡ ᠶᠢᠨ ᠡᠮᠴᠢᠯᠡᠭᠡᠨ ᠤ ᠠᠷᠭ᠎ᠠ ᠶᠢ ᠬᠡᠷᠡᠭᠯᠡᠨ᠂ ᠮᠠᠯᠴᠢᠳ ᠲᠤ ᠮᠣᠩᠭᠤᠯ ᠡᠮᠨᠡᠯᠭᠡ ᠶᠢᠨ ᠪᠡᠶ᠎ᠡ ᠰᠤᠪᠢᠯᠠᠬᠤ ᠮᠡᠳᠡᠯᠭᠡ ᠶᠢ ᠤᠯᠠᠮᠵᠢᠯᠠᠵᠤ᠂ ᠡᠳᠦᠷ ᠲᠤᠲᠤᠮ ᠤᠨ ᠢᠳᠡᠭᠡᠨ ᠤᠮᠳᠠᠭᠠᠨ ᠢᠶᠠᠨ ᠲᠣᠬᠢᠷᠠᠭᠤᠯᠬᠤ᠂ ᠤᠨᠲᠠᠵᠤ ᠰᠠᠭᠤᠬᠤ ᠳᠤ ᠠᠩᠬᠠᠷᠬᠤ ᠵᠦᠢᠯᠡᠰ ᠵᠡᠷᠭᠡ ᠶᠢ ᠵᠢᠭᠠᠵᠤ᠂ ᠮᠠᠯᠴᠢᠳ ᠲᠤ ᠤᠯᠠᠮᠵᠢᠯᠠᠯᠲᠤ ᠠᠨᠠᠭᠠᠬᠤ ᠤᠬᠠᠭᠠᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠡᠮᠴᠢ ᠨᠠᠷ ᠪᠠᠰᠠ ᠮᠠᠯᠴᠢᠳ ᠲᠤ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠷᠢᠨ ᠲᠠᠶᠢᠯᠪᠤᠷᠢᠯᠠᠵᠤ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠲᠠᠶᠢᠯᠪᠤᠷᠢᠯᠠᠬᠤ ᠶᠢᠨ ᠬᠠᠮᠲᠤ᠂ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠡᠮᠴᠢᠯᠡᠭᠡᠨ ᠤ ᠲᠥᠰᠦᠯ ᠥᠭᠪᠡ᠃      ᠡᠭᠦᠨ ᠤ ᠬᠠᠮᠲᠤ᠂ ᠠᠵᠢᠯᠲᠠᠳ ᠲᠤᠬᠠᠶ ᠶᠢᠨ ᠲᠠᠯᠠᠪᠤᠷ ᠲᠤ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠠᠮᠢᠳᠤᠯᠢᠭ ᠳᠦᠷᠰᠦᠯᠢᠭ ᠬᠡᠷᠡᠭ ᠤᠨ ᠵᠢᠱᠢᠶ᠎ᠡ ᠪᠠᠷ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠲᠦᠷᠭᠡᠨ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ᠂ ᠮᠠᠯᠴᠢᠳ ᠤᠨ ᠳᠤᠷᠠᠳᠤᠭᠰᠠᠨ ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃      ᠲᠣᠰ ᠤᠳᠠᠭᠠᠨ ᠤ ᠠᠵᠢᠯᠯᠠᠭ᠎ᠠ ᠪᠠᠷ ᠮᠠᠯᠴᠢᠳ ᠲᠤ ᠨᠡᠶᠢᠲᠡ 70 ᠭᠠᠷᠤᠶ ᠬᠥᠮᠦᠨ ᠤᠳᠠᠭ᠎ᠠ ᠦᠢᠯᠡᠴᠢᠯᠡᠵᠦ᠂ ᠮᠠᠯᠵᠢᠬᠤ ᠣᠷᠣᠨ ᠤ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠤᠯᠠ᠂ ᠡᠪᠡᠳᠴᠢᠨ ᠦᠵᠡᠭᠦᠯᠬᠦ ᠳᠤ ᠬᠦᠴᠢᠷ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠠᠮ ᠤᠨ ᠲᠤᠭ ᠢ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠪᠠ᠃ ᠳᠠᠷᠠᠭᠠᠴᠢ ᠪᠠᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ ᠪᠠᠶᠢᠭᠤᠯᠤᠯᠲᠠ ᠶᠢᠨ ᠲᠥᠷᠥᠯ ᠲᠡᠮᠳᠡᠭᠲᠦ ᠶᠢᠨ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠪᠠᠷ ᠡᠮ ᠡᠮᠨᠡᠯᠭᠡ ᠶᠢ ᠬᠥᠲᠥᠯᠥᠨ ᠳᠠᠭᠠᠭᠤᠯᠵᠤ᠂ ᠮᠠᠯᠵᠢᠬᠤ ᠣᠷᠣᠨ ᠤ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠨ᠎ᠠ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ