ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷᠠᠭᠤᠨ ᠬᠤᠰᠢᠭᠤᠨ ᠤ ᠬᠤᠨᠢᠨ ᠮᠢᠬ᠎ᠠ ᠶᠢᠨ ᠭᠠᠵᠠᠷ ᠵᠦᠶ ᠶᠢᠨ ᠲᠡᠮᠳᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/6/18
      ᠪᠠᠷᠠᠭᠤᠨ ᠬᠤᠰᠢᠭᠤᠨ ᠤ ᠬᠤᠨᠢᠨ ᠮᠢᠬ᠎ᠠ ᠶᠢᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠨᠠᠷᠢᠯᠢᠭ ᠣᠨᠣᠪᠴᠢᠲᠠᠢ ᠪᠠᠷ ᠵᠢᠯᠣᠭᠤᠳᠬᠤ᠂ ᠵᠢᠷᠤᠮᠵᠢᠭᠤᠯᠤᠨ ᠬᠠᠮᠢᠶᠠᠷᠬᠤ᠂ ᠴᠢᠩᠭ᠎ᠠ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃
6.18市场局2.jpg
      ᠨᠠᠷᠢᠯᠢᠭ ᠣᠨᠣᠪᠴᠢᠲᠠᠢ ᠪᠠᠷ ᠦᠢᠯᠡᠴᠢᠯᠡᠵᠦ᠂ ᠭᠠᠵᠠᠷ ᠵᠦᠢ ᠶᠢᠨ ᠲᠡᠮᠳᠡᠭᠲᠦ ᠶᠢᠨ ᠬᠡᠷᠡᠭᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠪᠡ      ᠪᠠᠷᠠᠭᠤᠨ ᠬᠤᠰᠢᠭᠤᠨ ᠤ ᠬᠤᠨᠢᠨ ᠮᠢᠬ᠎ᠠ ᠶᠢᠨ ᠭᠠᠵᠠᠷ ᠵᠦᠶ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠢ ᠮᠡᠳᠡᠭᠦᠯᠬᠦ ᠪᠠ ᠬᠡᠷᠡᠭᠯᠡᠬᠦ ᠵᠢᠷᠤᠮᠵᠢᠯ ᠳᠤ ᠴᠢᠭᠯᠡᠭᠦᠯᠦᠨ᠂ ︽ᠨᠢᠭᠡ ᠳᠤ ᠨᠢᠭᠡ︾ ᠬᠠᠨᠳᠤᠯᠭᠠᠲᠤ ᠵᠢᠯᠣᠭᠤᠳᠬᠤ ᠦᠢᠯᠡᠴᠢᠯᠡᠭᠡ ᠶᠢ ᠥᠷᠨᠢᠭᠦᠯᠪᠡ᠃ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠬᠠᠷᠭᠤᠭᠤᠯᠬᠤ᠂ ᠮᠠᠲ᠋ᠧᠷᠢᠶᠠᠯ ᠲᠠᠭᠯᠠᠨ ᠮᠡᠳᠡᠭᠦᠯᠬᠦ᠂ ᠲᠤᠰᠬᠠᠶ ᠬᠡᠷᠡᠭᠯᠡᠬᠦ ᠲᠡᠮᠳᠡᠭ ᠭᠤᠶᠤᠴᠢᠯᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠮᠡᠷᠭᠡᠵᠢᠯ ᠤᠨ ᠳᠡᠮᠵᠢᠯᠭᠡ ᠬᠠᠩᠭᠠᠪᠠ᠃ ᠣᠳᠣᠬᠠᠨ ᠪᠣᠯᠲᠠᠯ᠎ᠠ᠂ ᠨᠢᠭᠡᠨᠲᠡ 8 ᠤᠳᠠᠭ᠎ᠠ ᠤᠬᠠᠭᠤᠯᠤᠨ ᠵᠢᠯᠣᠭᠤᠳᠴᠤ᠂ ᠠᠵᠤ ᠠᠬᠤᠶᠢᠯᠠᠯ ᠤᠨ ᠵᠢᠷᠤᠮᠵᠢᠭᠤᠯᠤᠨ ᠬᠡᠷᠡᠭᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ︔ ᠬᠥᠯᠥᠨ ᠪᠤᠶᠢᠷ ᠤᠨ ᠬᠤᠩᠭᠢᠷᠠᠳ ᠢᠳᠡᠭᠡᠨ ᠤ ᠬᠢᠵᠠᠭᠠᠷᠲᠤ ᠺᠣᠮᠫᠠᠨᠢ ᠶᠢ ᠵᠢᠯᠣᠭᠤᠳᠤᠨ ᠭᠤᠶᠤᠴᠢᠯᠠᠯ ᠤᠨ ᠮᠠᠲ᠋ᠧᠷᠢᠶᠠᠯ ᠢ ᠨᠠᠷᠢᠯᠢᠭ ᠣᠨᠣᠪᠴᠢᠲᠠᠢ ᠪᠠᠷ ᠲᠤᠰᠢᠶᠠᠯᠭᠠᠪᠠ᠃      ᠬᠠᠮᠢᠶᠠᠷᠤᠯᠲᠠ ᠶᠢ ᠵᠢᠷᠤᠮᠵᠢᠭᠤᠯᠵᠤ᠂ ᠭᠠᠵᠠᠷ ᠵᠦᠢ ᠶᠢᠨ ᠲᠡᠮᠳᠡᠭᠲᠦ ᠶᠢ ᠬᠡᠷᠡᠭᠯᠡᠬᠦ ᠪᠠᠷᠢᠮᠵᠢᠶ᠎ᠠ ᠶᠢ ᠴᠢᠩᠭᠠᠷᠠᠭᠤᠯᠪᠠ      ᠲᠤᠰᠬᠠᠶ ᠬᠡᠷᠡᠭᠯᠡᠬᠦ ᠲᠡᠮᠳᠡᠭᠲᠦ ᠶᠢᠨ ᠬᠢᠷᠢ ᠭᠡᠮ ᠢ ᠨᠢᠭᠡᠨᠲᠡ ᠣᠯᠤᠭᠰᠠᠨ ᠠᠵᠤ ᠠᠬᠤᠶᠢᠯᠠᠯ ᠳᠤ ᠲᠤᠰᠬᠠᠶ ᠰᠡᠳᠦᠪᠲᠦ ᠪᠣᠯᠪᠠᠰᠤᠷᠠᠯ ᠬᠢᠬᠦ᠂ ᠰᠦᠯᠵᠢᠶᠡᠨ ᠳᠡᠭᠡᠷ᠎ᠡ ᠮᠠᠳᠠᠭ ᠲᠠᠢ ᠠᠰᠠᠭᠤᠳᠠᠯ ᠢ ᠨᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠭᠦᠨ ᠢ ᠵᠢᠯᠣᠭᠤᠳᠤᠨ ︽ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠬᠤ ᠲᠣᠭᠲᠠᠭᠠᠯ︾ ᠢ ᠴᠢᠩᠭ᠎ᠠ ᠵᠢᠷᠤᠮᠯᠠᠵᠤ᠂ ᠲᠤᠰᠬᠠᠶ ᠬᠡᠷᠡᠭᠯᠡᠬᠦ ᠲᠡᠮᠳᠡᠭ ᠪᠠᠭᠤᠯᠭᠠᠬᠤ᠂ ᠨᠠᠭᠠᠬᠤ ᠪᠠ ᠪᠣᠭᠤᠳᠠᠯᠯᠠᠬᠤ ᠲᠡᠮᠳᠡᠭ ᠢ ᠨᠠᠭᠠᠪᠠ᠃ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠦᠢᠯᠡᠳᠪᠦᠷᠢᠯᠡᠯ ᠤᠨ ᠪᠠᠷᠢᠮᠵᠢᠶ᠎ᠠ ᠬᠢᠭᠡᠳ ᠶᠠᠰᠤ ᠴᠢᠨᠠᠷ ᠤᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠵᠤ᠂ ᠬᠡᠷᠡᠭᠯᠡᠯᠲᠡ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠪᠠ᠃      ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠪᠠ      ᠮᠢᠬᠠᠨ ᠤ ᠲᠥᠷᠥᠯ ᠢ ᠡᠳ᠋ᠰᠢᠭᠦᠯᠬᠦ᠂ ᠪᠣᠷᠣᠯᠠᠭᠤᠯᠬᠤ ᠬᠦᠷᠢᠶᠡᠨ ᠳᠤ ᠲᠤᠰᠬᠠᠢ ᠪᠠᠶᠢᠴᠠᠭᠠᠯᠲᠠ ᠬᠢᠪᠡ᠃ ᠣᠶᠢᠷ᠎ᠠ ᠶᠢᠨ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠢ 54 ᠬᠥᠮᠦᠨ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ 18 ᠪᠠᠶᠢᠴᠠᠭᠠᠵᠤ᠂ ᠭᠠᠵᠠᠷ ᠵᠦᠶ ᠶᠢᠨ ᠲᠡᠮᠳᠡᠭᠲᠦ ᠶᠢ ᠵᠢᠷᠤᠮᠵᠢᠭᠤᠨ ᠬᠡᠷᠡᠭᠯᠡᠭᠰᠡᠨ 1 ᠪᠠᠶᠢᠳᠠᠯ ᠢ ᠵᠠᠷᠯᠢᠭᠳᠠᠨ ᠵᠠᠯᠠᠷᠠᠭᠤᠯᠪᠠ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠪᠠᠷ ᠳᠠᠮᠵᠢᠨ᠂ ᠡᠷᠬᠡ ᠳᠤ ᠬᠠᠯᠳᠠᠵᠤ ᠬᠤᠳᠠᠯ ᠬᠠᠭᠤᠷᠮᠠᠭ ᠦᠢᠯᠡᠳᠬᠦ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠦᠷᠭᠦᠯᠵᠢᠯᠡᠨ ᠰᠠᠶᠢᠵᠢᠷᠠᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠵᠠᠷ ᠵᠦᠶ ᠶᠢᠨ ᠲᠡᠮᠳᠡᠭᠲᠦ ᠶᠢ ᠪᠤᠶᠢᠵᠢᠭᠤᠯᠬᠤ᠂ ᠬᠠᠮᠠᠭᠠᠯᠠᠬᠤ ᠪᠠ ᠦᠢᠯᠡᠴᠢᠯᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠠᠷᠠᠭᠤᠨ ᠬᠤᠰᠢᠭᠤᠨ ᠤ ᠬᠤᠨᠢᠨ ᠮᠢᠬ᠎ᠠ ᠶᠢᠨ ᠨᠠᠷᠠᠲᠤ ᠲᠡᠮᠳᠡᠭᠲᠦ ᠶᠢᠨ ᠦᠨ᠎ᠡ ᠥᠷᠲᠡᠭ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠵᠡᠷᠭᠡᠪᠡᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ