6 ᠰᠠᠷ᠎ᠠ ᠶᠢᠨ 18 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 9 | ᠳ᠋ᠤᠭᠡᠷ ᠤᠳᠠᠭᠠᠨ ᠤ ᠬᠤᠷᠠᠯ ᠬᠤᠷᠠᠯᠳᠤᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠳᠡᠭᠡᠳᠦ ᠱᠠᠲᠤᠨ ᠤ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠭ ᠤᠨ ᠪᠦᠷᠢᠯᠳᠦᠬᠦᠨ ᠤ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠨ᠂ | ᠬᠠᠮᠢᠶ᠎ᠠ ᠪᠥᠬᠦᠶ ᠠᠵᠢᠯ ᠤᠨ ᠵᠦᠢᠯᠡᠰ ᠢ ᠰᠤᠳᠤᠯᠵᠤ᠂ ᠬᠤᠰᠢᠭᠤᠨ ᠤ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠳ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠢᠭᠡ ᠴᠤᠬᠴᠠᠵᠢᠭᠤᠯᠬᠤ ᠶᠢ ᠠᠬᠢᠭᠤᠯᠵᠤ᠂ ᠡᠳ᠋ ᠤᠨ ᠵᠠᠰᠠᠭ ᠤᠨ | ᠣᠷᠣᠭᠤᠯᠤᠯᠲᠠ ᠶᠢ ᠨᠡᠮᠡᠭᠳᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠠᠰᠢᠭ ᠬᠦᠷᠲᠡᠭᠡᠬᠦ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠴᠣᠭᠴᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠰᠤᠷᠤᠭᠴᠢᠳ ᠤᠨ ᠡᠳᠦᠷ ᠲᠤᠳᠤᠮ ᠤᠨ | ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠶ᠃ ︽ᠨᠢᠭᠡ ᠬᠡᠰᠡᠭ ᠭᠠᠵᠠᠷ ᠰᠢᠷᠤᠢ ᠳᠤ ᠤᠯᠠᠨ ᠦᠨᠡᠮᠯᠡᠯ ᠣᠯᠭᠤᠬᠤ︾᠂ ︽ᠨᠢᠭᠡ ᠬᠡᠰᠡᠭ ᠭᠠᠵᠠᠷ ᠰᠢᠷᠤᠢ ᠳᠤ | ᠤᠯᠠᠨ ᠨᠥᠬᠦᠪᠥᠷᠢ ᠬᠦᠷᠲᠡᠭᠡᠬᠦ︾ ᠶᠢ ᠨᠠᠷᠢᠯᠢᠭ ᠣᠨᠣᠪᠴᠢᠲᠠᠢ ᠥᠷᠨᠢᠭᠦᠯᠵᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠲᠠᠢ | ᠤᠶᠠᠯᠳᠤᠭᠤᠯᠤᠨ ᠬᠠᠮᠵᠢᠯᠴᠠᠨ ᠠᠬᠢᠭᠤᠯᠬᠤ ᠬᠡᠷᠡᠭᠲᠡᠢ᠃ ᠭᠠᠴᠠᠭᠠᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢ ᠵᠢᠭᠠᠨ ᠵᠢᠯᠣᠭᠤᠳᠴᠤ᠂ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠵᠡᠷᠭᠡ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠨᠠᠮ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |