6 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠬᠠᠮᠲᠤᠪᠠᠷ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠬᠦᠨᠳᠦ ᠨᠣᠴᠢᠲᠠᠢ ᠬᠤᠣᠷ | ᠬᠥᠨᠥᠭᠡᠯ ᠢ ᠲᠣᠳᠣᠷᠬᠠᠢ ᠲᠠᠨᠢᠵᠤ᠂ ᠡᠶᠢᠮᠦᠷᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠢᠯᠵᠠᠷᠠᠯ︾᠂ ︽ᠬᠤᠮᠣᠷᠭᠠᠯᠠᠨ ᠠᠩᠨᠠᠬᠤ︾ ᠶᠢ ᠰᠡᠷᠭᠡᠶᠢᠯᠡᠵᠦ᠂ | ᠳᠡᠷᠭᠡᠳᠡᠬᠢ ᠬᠥᠮᠦᠰ ᠢᠶᠠᠨ ᠰᠠᠶᠢᠲᠤᠷ ᠬᠠᠮᠢᠶᠠᠷᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠠᠴᠠ ᠲᠣᠳᠣᠷᠬᠠᠶᠢᠯᠠᠭᠰᠠᠨ 7 | ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠬᠡᠪᠴᠢᠶ᠎ᠡ ᠪᠠᠨ ᠰᠠᠶᠢᠲᠤᠷ ᠬᠠᠮᠢᠶᠠᠷᠬᠤ ᠶᠢᠨ ᠬᠠᠮᠲᠤ ᠰᠡᠳᠬᠢᠯ ᠤᠨ ᠦᠭᠡ ᠪᠠᠨ ᠶᠠᠷᠢᠯᠴᠠᠵᠤ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠳᠤ ᠣᠷᠣᠯᠴᠠᠭᠰᠠᠨ ᠨᠥᠬᠦᠳ ᠲᠦᠷᠦᠭᠦᠯᠡᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠨᠢᠭᠡᠳᠦᠭᠡᠷ ᠬᠠᠷᠢᠭᠤᠴᠠᠯᠭ᠎ᠠ︾ ᠪᠠ ︽ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠡᠷᠡᠰ ᠵᠣᠷᠢᠭ ᠪᠠ ᠬᠦᠴᠦᠲᠡᠢ ᠠᠷᠭ᠎ᠠ ᠬᠡᠮᠵᠢᠶ᠎ᠡ ᠪᠠᠷ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠲᠤᠪᠠᠷ | ᠬᠠᠮᠠᠭᠠᠯᠠᠨ᠎ᠠ ᠭᠡᠵᠦ ᠢᠯᠡᠳᠬᠡᠪᠡ᠃ |