ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠪᠠ︶ ᠶᠢ | ᠳᠠᠷᠤᠮᠠᠯᠯᠠᠨᠶᠠᠪᠤᠭᠤᠯᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠤᠨ ᠬᠢᠨ ᠤ ᠠᠩᠬᠠᠷᠤᠯ ᠳᠤ ᠬᠠᠷᠢᠭᠤ ᠲᠤᠰᠬᠠᠬᠤ ᠶᠢᠨ ᠲᠥᠯᠥᠭᠡ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ | ᠳᠣᠣᠷᠠᠬᠢ ᠮᠡᠲᠦ ᠲᠠᠶᠢᠯᠤᠮᠵᠢ ᠬᠢᠪᠡ᠄ | 1. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠪᠠ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠨᠡᠪᠴᠢᠭᠦᠯᠬᠦ ᠳᠤ ᠨᠡᠩ ᠶᠡᠭᠡ ᠬᠦᠴᠦ ᠣᠷᠣᠭᠤᠯᠤᠨ᠂ ᠰᠢᠨ᠎ᠡ ᠡᠵᠡᠩᠨᠡᠯᠲᠡ ᠶᠢᠨ ᠪᠠᠶᠢᠳᠠᠯ᠂ | ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠴᠢᠳᠠᠮᠵᠢ ᠶᠢ ᠢᠳᠡᠪᠬᠢᠲᠡᠢ ᠪᠦᠲᠦᠭᠡᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ︾ ᠭᠡᠪᠡ᠃ ᠨᠡᠪᠴᠢᠭᠦᠯᠦᠭᠦᠷ ᠨᠢ ᠤᠷᠤᠭᠰᠢ ᠪᠠᠨ ᠰᠢᠨ᠎ᠡ ᠶᠢ ᠡᠭᠦᠳᠬᠦ ᠬᠡᠯᠬᠢᠶ᠎ᠡ ᠶᠢ ᠨᠠᠪᠲᠠᠷᠡᠭᠦᠯᠵᠦ᠂ | ᠬᠤᠶᠢᠰᠢ ᠪᠠᠨ ᠠᠵᠤ ᠦᠢᠯᠡᠰ ᠤᠨ ᠬᠡᠯᠬᠢᠶ᠎ᠡ ᠶᠢ ᠵᠠᠯᠭᠠᠵᠤ᠂ ᠬᠥᠨᠳᠡᠯᠡᠨ ᠢᠶᠠᠷ ᠪᠡᠯᠡ ᠮᠥᠩᠭᠦᠨ ᠤ ᠬᠡᠯᠬᠢᠶ᠎ᠡ ᠪᠠ ᠴᠢᠳᠠᠪᠤᠷᠢᠲᠠᠨ ᠤ ᠬᠡᠯᠬᠢᠶ᠎ᠡ ᠶᠢ ᠠᠭᠤᠰᠤᠯᠴᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠴᠢᠬᠤᠯᠠ ᠠᠴᠢᠶᠠᠯᠠᠪᠤᠷᠢ | ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠨᠡᠪᠴᠢᠭᠦᠯᠬᠦ ᠪᠠ ᠠᠵᠤ ᠦᠢᠯᠡᠰᠵᠢᠭᠦᠯᠬᠦ ᠶᠢ ᠪᠦᠲᠦᠮᠵᠢᠲᠡᠢ | ᠠᠬᠢᠭᠤᠯᠵᠤ᠂ ᠠᠵᠤ ᠠᠬᠤᠶᠢᠯᠠᠯ ᠤᠨ ᠨᠡᠮᠡᠭᠳᠡᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠲᠤᠯᠭᠠᠭᠤᠷᠢᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠤᠨ ᠬᠥᠭᠵᠢᠭᠦᠯᠵᠦ ᠴᠢᠳᠠᠨ᠎ᠠ᠃ | 30 ᠭᠠᠷᠤᠢ ᠵᠢᠯ ᠤᠨ ᠬᠥᠭᠵᠢᠯᠲᠡ ᠪᠠᠷ ᠳᠠᠮᠵᠢᠭᠠᠳ᠂ ᠮᠠᠨ ᠤ ᠤᠯᠤᠰ ᠤᠨ ᠨᠡᠪᠴᠢᠭᠦᠯᠦᠭᠦᠷ ᠤᠨ ᠪᠦᠲᠦᠭᠡᠨ ᠪᠠᠶᠢᠭᠤᠯᠤᠯᠲᠠ ᠬᠢᠬᠦ ᠦᠭᠡᠢ | ᠪᠠᠶᠢᠭᠰᠠᠨ ᠠᠴᠠ ᠪᠠᠨ ᠬᠢᠬᠦ ᠪᠣᠯᠵᠤ᠂ ᠪᠠᠭ᠎ᠠ ᠪᠠᠷ ᠪᠠᠶᠢᠭᠤᠯᠵᠤ ᠪᠠᠶᠢᠭᠰᠠᠨ ᠠᠴᠠ ᠶᠡᠭᠡ ᠪᠠᠷ ᠪᠠᠶᠢᠭᠤᠯᠬᠤ ᠪᠣᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠦᠢᠯᠡᠰ ᠪᠣᠰᠬᠠᠨ ᠨᠡᠪᠴᠢᠭᠦᠯᠬᠦ ᠬᠥᠭᠵᠢᠯᠲᠡ ᠶᠢᠨ ᠵᠠᠮ ᠢ ᠨᠡᠭᠡᠭᠡᠪᠡ᠃ ᠣᠳᠣᠬᠠᠨ ᠳᠤ᠂ ᠪᠦᠬᠦ ᠤᠯᠤᠰ ᠤᠨ ᠨᠡᠪᠴᠢᠭᠦᠯᠬᠦ ᠪᠠᠶᠢᠭᠤᠯᠤᠮᠵᠢ ᠶᠢᠨ ᠶᠡᠷᠦᠩᠬᠡᠢ ᠲᠤᠭ᠎ᠠ 1. | 6 ᠲᠦᠮᠡ ᠳᠤ ᠬᠦᠷᠴᠦ᠂ ᠪᠦᠬᠦ ᠪᠥᠮᠪᠥᠷᠴᠡᠭ ᠤᠨ 50 ᠭᠠᠷᠤᠢ ᠤᠯᠤᠰ ᠪᠠ ᠭᠠᠵᠠᠷ ᠣᠷᠣᠨ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠪᠠᠶᠢᠷᠢᠰᠢᠭᠤᠯᠤᠨ | ᠪᠠᠶᠢᠭᠤᠯᠵᠤ᠂ ᠶᠡᠭᠡ ᠬᠡᠮᠵᠢᠶᠡᠨ ᠤ ᠨᠥᠯᠥᠭᠡᠯᠡᠬᠦ ᠬᠦᠴᠦᠨ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ | ᠠᠬᠤᠶᠢᠯᠠᠯ ᠢ ᠪᠣᠶᠢᠵᠢᠭᠤᠯᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | 2023 ᠣᠨ ᠤ 3 ᠳ᠋ᠤᠭᠠᠷ ᠰᠠᠷ᠎ᠠ ᠳᠤ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠦᠨᠳᠦᠰᠦᠯᠡᠨ᠂ | ᠨᠡᠪᠴᠢᠭᠦᠯᠦᠭᠦᠷ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠳᠤ ᠬᠤᠪᠢᠶᠠᠷᠢᠯᠠᠨ | ᠣᠷᠣᠭᠤᠯᠪᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ | ᠲᠦᠷᠭᠡᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠨᠢ | ᠨᠡᠪᠴᠢᠭᠦᠯᠦᠭᠦᠷ ᠤᠨ ᠬᠥᠭᠵᠢᠯᠲᠡ ᠳᠤ ᠰᠢᠨ᠎ᠡ ᠡᠭᠦᠷᠭᠡ ᠣᠯᠭᠤᠵᠤ᠂ ᠰᠢᠨ᠎ᠡ ᠱᠠᠭᠠᠷᠳᠠᠯᠭ᠎ᠠ ᠳᠤᠷᠠᠳᠪᠠ᠃ ᠡᠶᠢᠮᠦ ᠠᠴᠠ᠂ ᠤᠤᠯ ᠤᠨ ᠬᠠᠮᠢᠶᠠᠷᠤᠯᠲᠠ ᠶᠢᠨ | ᠠᠷᠭ᠎ᠠ ᠳᠤ ᠵᠠᠰᠠᠪᠤᠷᠢ ᠣᠷᠣᠭᠤᠯᠵᠤ᠂ ᠨᠡᠪᠴᠢᠭᠦᠯᠦᠬᠦᠷ ᠤᠨ ᠬᠥᠭᠵᠢᠯᠲᠡ ᠶᠢᠨ ᠰᠡᠳᠬᠢᠮᠵᠢ ᠶᠢ ᠢᠯᠭᠠᠷᠠᠭᠤᠯᠤᠨ ᠵᠠᠰᠠᠵᠤ᠂ ᠴᠢᠭᠯᠡᠯ ᠢ ᠲᠣᠳᠣᠷᠬᠠᠶᠢᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠳᠤ ᠤᠯᠠᠮ ᠨᠢᠭᠡ ᠠᠯᠬᠤᠮ | ᠠᠩᠬᠠᠷᠤᠯ ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠂ ᠰᠢᠨ᠎ᠡ ᠴᠠᠭ | ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠢ ᠪᠣᠯᠪᠠ᠃ ᠵᠢᠯ ᠭᠠᠷᠤᠢ ᠶᠢᠨ ᠥᠷᠭᠡᠨ ᠳᠡᠯᠭᠡᠷᠡᠩᠭᠦᠢ ᠪᠠᠶᠢᠴᠠᠭᠠᠨ | ᠰᠤᠳᠤᠯᠤᠯᠲᠠ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠵᠢᠴᠢ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ | ᠬᠤᠷᠢᠶᠠᠭᠠᠳ᠂ ᠮᠠᠨ ᠤ ᠶᠠᠮᠤᠨ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠨᠢ ᠮᠠᠨ ᠤ ᠤᠯᠤᠰ ᠤᠨ ᠨᠡᠪᠴᠢᠭᠦᠯᠦᠭᠦᠷ ᠤᠨ ᠬᠥᠭᠵᠢᠯᠲᠡ ᠪᠠ | ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | 2. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠶᠡᠷᠦᠩᠬᠡᠢ ᠰᠡᠳᠬᠢᠮᠵᠢ ᠨᠢ ᠶᠠᠭᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠨᠢ ᠨᠡᠪᠴᠢᠭᠦᠯᠦᠭᠦᠷ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠰᠠᠭᠤᠳᠠᠯ ᠪᠠ ᠬᠠᠨᠳᠤᠰᠢ ᠶᠢ | ᠶᠡᠷᠦᠩᠬᠡᠶᠢᠯᠡᠨ ᠪᠣᠳᠣᠯᠬᠢᠯᠠᠵᠤ᠂ ᠣᠳᠣᠬᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠵᠣᠬᠢᠴᠠᠭᠤᠯᠤᠨ ᠰᠢᠰᠲ᠋ᠧᠮ ᠤᠨ ᠴᠢᠨᠠᠷᠲᠠᠢ ᠳᠠᠬᠢᠨ ᠴᠣᠭᠴᠠᠯᠠᠯᠲᠠ ᠬᠢᠵᠡᠢ᠂ | ᠡᠭᠦᠨ ᠤ ᠵᠣᠷᠢᠯᠭ᠎ᠠ ᠨᠢ ᠨᠡᠪᠴᠢᠭᠦᠯᠦᠭᠦᠷ ᠢ ᠲᠣᠭᠠᠨ ᠤ ᠨᠡᠮᠡᠭᠳᠡᠯ ᠠᠴᠠ ᠴᠢᠨᠠᠷ ᠤᠨ ᠳᠡᠭᠡᠭᠰᠢᠯᠡᠯᠲᠡ ᠲᠡᠶᠢᠰᠢ ᠬᠤᠪᠢᠷᠠᠭᠤᠯᠵᠤ᠂ ᠦᠢᠯᠡᠴᠢᠯᠡᠭᠡ ᠬᠠᠩᠭᠠᠬᠤ ᠠᠴᠠ | ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢ ᠠᠬᠤᠢ ᠶᠢ ᠪᠠᠶᠢᠭᠤᠯᠬᠤ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠵᠠᠰᠠᠪᠤᠷᠢ | ᠣᠷᠣᠭᠤᠯᠤᠭᠰᠠᠨ ᠰᠡᠳᠬᠢᠮᠵᠢ ᠨᠢ ᠳᠣᠣᠷᠠᠬᠢ ᠳᠥᠷᠪᠡᠨ ᠲᠠᠯ᠎ᠠ ᠪᠠᠷ ᠢᠯᠡᠷᠡᠵᠦ ᠪᠣᠶ᠄ | ᠨᠢᠭᠡ ᠳᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠶᠢ ᠲᠣᠪᠤᠶᠢᠯᠭᠠᠨ | ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠨᠡᠪᠴᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠤᠨ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ | ᠠᠵᠤ ᠦᠢᠯᠡᠰ ᠢ ᠪᠣᠶᠢᠵᠢᠭᠤᠯᠬᠤ ᠶᠢ ᠲᠣᠪᠣᠶᠢᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠦᠢᠯᠡᠴᠢᠯᠡᠨ᠎ᠡ᠃ | ᠬᠤᠶᠠᠷ ᠲᠤ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠲᠠᠯ᠎ᠠ ᠪᠠᠷ᠂ ᠤᠤᠯ ᠤᠨ ᠤᠯᠤᠰ ᠤᠨ ᠲᠡᠰ ᠤᠨ ᠬᠢ ᠶᠢ ᠶᠠᠮᠤᠨ ᠤ ᠲᠡᠰ ︵ᠪᠠᠷᠢᠮᠵᠢᠶ᠎ᠠ ᠲᠡᠰ︶ ᠤᠨ | ᠨᠡᠪᠴᠢᠭᠦᠯᠦᠭᠦᠷ ᠪᠣᠯᠭᠠᠨ ᠬᠤᠪᠢᠷᠠᠭᠤᠯᠬᠤ ᠶᠢ ᠠᠬᠢᠭᠤᠯᠬᠤ ᠶᠢᠨ ᠬᠠᠮᠲᠤ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠤᠨ | ᠬᠦᠷᠢᠶᠡᠨ ᠳᠤ ᠠᠩᠬᠠᠷᠤᠯ ᠲᠥᠪᠯᠡᠷᠡᠭᠦᠯᠵᠦ᠂ ᠳᠡᠯᠡᠬᠡᠢ ᠶᠢᠨ ᠲᠡᠷᠢᠭᠦᠨ ᠳᠤ ᠣᠷᠣᠬᠤ ᠶᠠᠮᠤᠨ ᠤ ᠲᠡᠰ ︵ᠭᠠᠷᠮᠠᠭᠠᠢ ᠲᠡᠰ︶ ᠲᠠᠢ ᠬᠠᠷᠢᠴᠠᠭᠤᠯᠤᠭᠰᠠᠨ | ᠨᠡᠪᠴᠢᠭᠦᠯᠦᠭᠦᠷ ᠢ ᠪᠣᠶᠢᠵᠢᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠤᠨ ᠬᠦᠴᠦᠨ ᠵᠦᠢᠯ ᠤᠨ ᠴᠤᠭᠯᠠᠷᠠᠯ ᠢ ᠬᠥᠲᠥᠯᠥᠨ ᠵᠢᠯᠣᠭᠤᠳᠤᠨ᠎ᠠ᠃ | ᠭᠤᠷᠪᠠ ᠳᠤ ᠪᠠᠷᠢᠮᠵᠢᠶ᠎ᠠ ᠶᠢ ᠮᠠᠭᠠᠳᠯᠠᠨ ᠲᠣᠭᠲᠠᠭᠠᠬᠤ ᠲᠠᠯ᠎ᠠ ᠪᠠᠷ᠂ ᠪᠠᠷᠢᠮᠵᠢᠶ᠎ᠠ ᠲᠡᠰ ᠤᠨ ᠨᠡᠪᠴᠢᠭᠦᠯᠦᠭᠦᠷ ᠨᠢ ᠦᠢᠯᠡᠴᠢᠯᠡᠭᠡᠨ ᠤ ᠴᠢᠳᠠᠪᠤᠷᠢ ᠪᠠ | ᠨᠡᠪᠴᠢᠭᠦᠯᠦᠭᠦᠷ ᠤᠨ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ᠂ ᠭᠠᠷᠮᠠᠭᠠᠢ ᠲᠡᠰ ᠤᠨ ᠨᠡᠪᠴᠢᠭᠦᠯᠦᠭᠦᠷ ᠨᠢ ᠠᠵᠤ ᠦᠢᠯᠡᠰ ᠤᠨ ᠰᠢᠨᠵᠢ ᠴᠢᠨᠠᠷ᠂ | ᠦᠢᠯᠡᠴᠢᠯᠡᠭᠡᠨ ᠤ ᠴᠢᠳᠠᠮᠵᠢ᠂ ᠳᠡᠭᠡᠳᠦ ᠲᠡᠰ ᠤᠨ ᠴᠢᠳᠠᠪᠤᠷᠢᠲᠠᠨ᠂ ᠪᠡᠯᠡ ᠣᠷᠣᠭᠤᠯᠤᠯᠲᠠ ᠪᠠᠷ ᠳᠠᠶᠢᠴᠢᠯᠠᠬᠤ᠂ ᠤᠯᠠᠷᠢᠭᠤᠯᠬᠤ ᠶᠢ ᠲᠦᠷᠭᠡᠳᠬᠡᠬᠦ ᠵᠡᠷᠭᠡ ᠲᠠᠯ᠎ᠠ ᠶᠢᠨ | ᠴᠢᠳᠠᠪᠤᠷᠢ ᠶᠢ ᠨᠢ ᠴᠢᠩᠭᠠᠳᠬᠠᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠬᠡᠨ ᠲᠥᠪᠯᠡᠷᠡᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠬᠤ | ᠬᠥᠭᠵᠢᠯᠲᠡ ᠶᠢᠨ ᠠᠮᠢ ᠠᠬᠤᠢ ᠶᠢ ᠴᠣᠭᠴᠠᠯᠠᠨ ᠪᠠᠶᠢᠭᠤᠯᠤᠨ᠎ᠠ᠃ | ᠳᠥᠷᠪᠡ ᠳᠤ ᠠᠵᠢᠯ ᠤᠨ ᠲᠣᠭᠲᠠᠴᠠ ᠶᠢᠨ ᠲᠠᠯ᠎ᠠ ᠪᠠᠷ᠂ ᠮᠤᠵᠢ ᠶᠠᠮᠤᠨ ᠤ ᠬᠠᠮᠵᠢᠯᠴᠠᠭ᠎ᠠ ᠶᠢ ᠲᠤᠪᠤᠶᠢᠯᠭᠠᠵᠦ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ ᠪᠦᠬᠦ ᠤᠯᠤᠰ ᠤᠨ ᠨᠡᠪᠴᠢᠬᠦᠯᠦᠬᠦᠷ ᠤᠨ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ᠂ ᠪᠠᠷᠢᠮᠵᠢᠶ᠎ᠠ ᠪᠠᠷ ᠬᠥᠲᠥᠯᠥᠨ ᠵᠢᠯᠤᠭᠤᠳᠬᠤ ᠪᠠ | ᠬᠢᠨᠠᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ᠂ ᠣᠷᠣᠨ ᠨᠤᠲᠤᠭ ᠤᠨ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠥᠲᠥᠯᠥᠨ | ᠵᠢᠯᠤᠭᠤᠳᠴᠤ ᠪᠠᠶᠢᠭᠠᠳ ᠵᠢᠯᠣᠭᠤᠳᠤᠯᠭ᠎ᠠ ᠪᠠ ᠦᠢᠯᠡᠴᠢᠯᠡᠭᠡ ᠶᠢ ᠴᠢᠩᠭᠠᠳᠬᠠᠵᠤ᠂ ᠨᠡᠪᠴᠢᠬᠦᠯᠦᠬᠦᠷ ᠤᠨ ᠪᠡᠯᠡ ᠮᠥᠩᠭᠦ᠂ ᠴᠢᠳᠠᠪᠤᠷᠢᠲᠠᠨ ᠵᠡᠷᠭᠡ ᠳᠤ ᠲᠦᠷᠦ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠴᠢᠩᠭᠠᠳᠬᠠᠨ᠎ᠠ᠃ | 3. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠪᠣᠷᠣ ᠲᠥᠯᠥᠪ ᠬᠢᠭᠡᠳ ᠴᠢᠬᠤᠯᠠ ᠲᠣᠬᠢᠷᠠᠭᠤᠯᠤᠯᠲᠠ ᠨᠢ ᠶᠠᠭᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ 7 ᠪᠦᠯᠦᠭ 29 ᠵᠦᠢᠯ ᠪᠣᠢ᠂ ᠡᠭᠦᠨ ᠳᠤ᠄ ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ | ᠪᠣᠯᠣᠨ᠎ᠠ᠃ ᠲᠣᠭᠲᠠᠭᠠᠭᠰᠠᠨ ᠦᠨᠳᠦᠰᠦᠯᠡᠯ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠢᠴᠢ ᠨᠡᠪᠴᠢᠭᠦᠯᠦᠭᠦᠷ ᠤᠨ ᠪᠠᠶᠢᠷᠢ ᠲᠣᠭᠲᠠᠭᠠᠯᠲᠠ᠂ ᠴᠢᠳᠠᠮᠵᠢ ᠪᠠ | ᠬᠠᠷᠠᠯᠲᠠ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ᠨᠢ ᠮᠠᠭᠠᠳᠯᠠᠨ ᠲᠣᠭᠲᠠᠭᠠᠬᠤ ᠨᠥᠬᠦᠴᠡᠯ ᠪᠣᠯᠣᠨ᠎ᠠ᠃ ᠶᠠᠮᠤᠨ ᠤ ᠲᠠᠰ ᠤᠨ ᠨᠡᠪᠴᠢᠭᠦᠯᠦᠭᠦᠷ ᠢ | ᠪᠠᠷᠢᠮᠵᠢᠶ᠎ᠠ ᠳᠤ ᠬᠦᠷᠦᠭᠦᠯᠦᠭᠰᠡᠨ ᠮᠠᠭᠠᠳᠯᠠᠨ ᠲᠣᠭᠲᠠᠭᠠᠯᠲᠠ ᠬᠢᠬᠦ ᠶᠢ ᠬᠡᠷᠡᠭᠵᠢᠭᠦᠯᠵᠦ᠂ ᠭᠠᠷᠮᠠᠭᠠᠢ ᠲᠠᠰ ᠤᠨ ᠨᠡᠪᠴᠢᠭᠦᠯᠦᠭᠦᠷ ᠲᠤ ᠰᠢᠯᠢᠳᠡᠭ ᠢ ᠨᠢ ᠰᠣᠩᠭᠤᠭᠰᠠᠨ | ᠮᠠᠭᠠᠳᠯᠠᠨ ᠲᠣᠭᠲᠠᠭᠠᠯᠲᠠ ᠬᠢᠬᠦ ᠶᠢ ᠬᠡᠷᠡᠭᠵᠢᠭᠦᠯᠬᠦ ᠶᠢ ᠲᠣᠳᠣᠷᠬᠠᠶᠢᠯᠠᠭᠰᠠᠨ ᠤ ᠬᠠᠮᠲᠤ ᠮᠠᠭᠠᠳᠯᠠᠨ ᠲᠣᠭᠲᠠᠭᠠᠬᠤ ᠨᠥᠬᠦᠴᠡᠯ ᠪᠠ ᠱᠠᠭᠠᠷᠳᠠᠯᠭ᠎ᠠ ᠶᠢ ᠳᠤᠷᠠᠳᠪᠠ᠃ | ᠭᠤᠷᠪᠠᠳᠤᠭᠠᠷ ᠪᠦᠯᠦᠭ ᠨᠢ ᠮᠠᠭᠠᠳᠯᠠᠨ ᠲᠣᠭᠲᠠᠭᠠᠬᠤ ᠵᠢᠷᠤᠮ ᠪᠣᠯᠣᠨ᠎ᠠ᠃ ᠨᠡᠪᠴᠢᠭᠦᠯᠦᠭᠦᠷ ᠭᠤᠶᠤᠴᠢᠯᠠᠬᠤ᠂ ᠬᠢᠨᠠᠨ ᠬᠠᠷᠭᠤᠭᠤᠯᠵᠤ ᠲᠠᠨᠢᠯᠴᠠᠭᠤᠯᠬᠤ᠂ ᠬᠢᠨᠠᠨ | ᠰᠢᠯᠭᠠᠷᠠᠭᠤᠯᠵᠤ ᠮᠠᠭᠠᠳᠯᠠᠨ ᠲᠣᠭᠲᠠᠭᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠨᠢ ᠦᠨᠡᠯᠡᠯᠲᠡ ᠪᠠ ᠬᠢᠨᠠᠯᠲᠠ ᠲᠠᠯᠪᠢᠯᠲᠠ ᠪᠣᠯᠣᠨ᠎ᠠ᠃ ᠨᠡᠪᠴᠢᠭᠦᠯᠦᠭᠦᠷ ᠤᠨ ᠠᠮᠵᠢᠯᠲᠠ ᠪᠦᠲᠦᠮᠵᠢ ᠶᠢ ᠦᠨᠡᠯᠡᠯᠲᠡ ᠬᠢᠬᠦ᠂ ᠡᠳᠦᠷ | ᠲᠤᠲᠤᠮ ᠤᠨ ᠬᠢᠨᠠᠯᠲᠠ ᠲᠠᠯᠪᠢᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠠᠪᠤᠳᠤᠭᠠᠷ ᠪᠦᠯᠦᠭ ᠨᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ | ᠪᠣᠯᠭᠠᠬᠤ ᠱᠠᠭᠠᠷᠳᠠᠯᠭ᠎ᠠ ᠪᠣᠯᠣᠨ᠎ᠠ᠃ ᠮᠠᠭᠠᠳᠯᠠᠨ ᠲᠣᠭᠲᠠᠭᠠᠭᠰᠠᠨ ᠨᠡᠪᠴᠢᠭᠦᠯᠦᠭᠦᠷ ᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠬᠠᠮᠢᠶ᠎ᠠ | ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠢᠷᠭᠤᠳᠤᠭᠠᠷ ᠪᠦᠯᠦᠭ ᠨᠢ ᠠᠬᠢᠭᠤᠯᠬᠤ ᠬᠢᠭᠡᠳ ᠬᠥᠭᠵᠢᠭᠦᠯᠬᠦ ᠠᠷᠭ᠎ᠠ ᠬᠡᠮᠵᠢᠶ᠎ᠡ ᠪᠣᠯᠣᠨ᠎ᠠ᠃ ᠨᠡᠪᠴᠢᠭᠦᠯᠦᠭᠦᠷ ᠤᠨ | ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠴᠢᠳᠠᠪᠤᠷᠢ ᠶᠢᠨ ᠪᠠᠶᠢᠭᠤᠯᠤᠯᠲᠠ᠂ | ᠰᠢᠨ᠎ᠡ ᠶᠢ ᠡᠭᠦᠳᠬᠦ ᠶᠢ ᠲᠦᠷᠭᠡᠳᠬᠡᠬᠦ᠂ ᠪᠦᠷᠢᠳᠬᠡᠨ ᠪᠠᠶᠢᠴᠠᠭᠠᠬᠤ᠂ ᠲᠤᠰᠬᠠᠶᠢᠵᠢᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ | ᠳᠣᠯᠣᠳᠤᠭᠠᠷ ᠪᠦᠯᠦᠭ ᠨᠢ ᠳᠠᠭᠠᠯᠳᠤᠭᠤᠯᠤᠯ ᠳᠦᠷᠢᠮ ᠪᠣᠯᠣᠨ᠎ᠠ᠃ ᠯᠠᠪᠯᠠᠯᠲᠠ ᠪᠣᠯᠭᠠᠨ ᠬᠠᠮᠢᠶᠠᠷᠬᠤ᠂ ᠠᠮᠵᠢᠯᠲᠠ ᠪᠦᠲᠦᠮᠵᠢ ᠶᠢ ᠦᠨᠡᠯᠡᠬᠦ᠂ ᠲᠠᠶᠢᠯᠪᠤᠷᠢᠯᠠᠬᠤ ᠪᠠ | ᠴᠤᠴᠠᠯᠬᠤ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ︽ᠬᠠᠮᠢᠶᠠᠷᠤᠯᠲᠠ ᠶᠢᠨ ᠠᠷᠭ᠎ᠠ︾ ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠨᠡᠪᠴᠢᠭᠦᠯᠦᠭᠦᠷ ︵ᠳᠣᠷᠣᠭᠰᠢ ︽ᠶᠠᠮᠤᠨ ᠲᠠᠰ ᠤᠨ | ᠨᠡᠪᠴᠢᠭᠦᠯᠦᠭᠦᠷ︾ ᠭᠡᠵᠦ ᠲᠣᠪᠴᠢᠯᠠᠪᠠ︶ ᠢ ᠮᠠᠭᠠᠳᠯᠠᠨ ᠲᠣᠭᠲᠠᠭᠠᠬᠤ ᠳᠤ ᠪᠠᠷᠢᠮᠵᠢᠶ᠎ᠠ ᠲᠠᠰ ᠤᠨ ᠪᠠ ᠭᠠᠷᠮᠠᠭᠠᠢ ᠲᠠᠰ ᠤᠨ ᠭᠡᠵᠦ ᠬᠤᠶᠠᠷ ᠲᠥᠷᠥᠯ ᠲᠣᠬᠢᠷᠠᠭᠤᠯᠵᠠᠢ | ᠂ ᠡᠨᠡ ᠪᠣᠯ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠬᠠᠮᠤᠭ ᠤᠨ ᠶᠡᠭᠡ ᠲᠣᠬᠢᠷᠠᠭᠤᠯᠤᠯᠲᠠ ᠬᠢᠭᠰᠡᠨ ᠵᠦᠢᠯ ᠪᠣᠯᠣᠨ᠎ᠠ᠃ ᠡᠭᠦᠨ ᠳᠤ᠂ ᠪᠠᠷᠢᠮᠵᠢᠶ᠎ᠠ ᠲᠠᠰ ᠤᠨ | ᠨᠡᠪᠴᠢᠭᠦᠯᠦᠭᠦᠷ ᠨᠢ ᠤᠤᠯ ᠤᠨ ᠤᠯᠤᠰ ᠤᠨ ᠲᠠᠰ ᠤᠨ ᠨᠡᠪᠴᠢᠭᠦᠯᠦᠭᠦᠷ ᠲᠠᠢ ᠬᠠᠷᠢᠴᠠᠭᠤᠯᠵᠤ᠂ ᠪᠠᠷᠢᠮᠵᠢᠶ᠎ᠠ ᠳᠤ ᠬᠦᠷᠦᠭᠦᠯᠦᠭᠰᠡᠨ ᠮᠠᠭᠠᠳᠯᠠᠨ ᠲᠣᠭᠲᠠᠭᠠᠯᠲᠠ | ᠬᠢᠬᠦ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠲᠣᠭᠲᠠᠭᠠᠭᠰᠠᠨ ᠨᠥᠬᠦᠴᠡᠯ ᠳᠤ ᠭᠦᠷᠪᠡᠯ ᠳᠠᠷᠤᠢ ᠪᠠᠷᠢᠮᠵᠢᠶ᠎ᠠ ᠲᠠᠰ ᠢᠶᠠᠷ ᠮᠠᠭᠠᠳᠯᠠᠨ ᠲᠣᠭᠲᠠᠭᠠᠵᠤ ᠪᠣᠯᠣᠨ᠎ᠠ᠃ | ᠤᠤᠯ ᠤᠨ ᠤᠯᠤᠰ ᠤᠨ ᠲᠠᠰ ᠤᠨ ᠨᠡᠪᠴᠢᠭᠦᠯᠦᠭᠦᠷ ᠲᠤ ᠠᠪᠴᠤ ᠬᠡᠯᠡᠪᠡᠯ᠂ ᠰᠢᠨ᠎ᠡ ᠪᠠᠷ ᠪᠠᠶᠢᠭᠤᠯᠤᠭᠰᠠᠨ ᠪᠠᠷᠢᠮᠵᠢᠶ᠎ᠠ ᠲᠠᠰ ᠤᠨ ᠨᠥᠬᠦᠴᠡᠯ ᠢ ᠤᠤᠯ ᠤᠨ ᠲᠥᠷᠥ ᠶᠢᠨ | ᠪᠣᠳᠣᠯᠭ᠎ᠠ ᠶᠢᠨ ᠪᠣᠷᠣ ᠲᠥᠯᠥᠪ ᠯᠦᠭᠡ ᠭᠦᠢᠴᠡᠳ ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦᠶᠢᠴᠡ ᠴᠢᠨᠠᠷ ᠪᠠ ᠲᠣᠭᠲᠠᠪᠤᠷᠢᠲᠤ ᠴᠢᠨᠠᠷ ᠢ | ᠪᠠᠲᠤᠯᠠᠬᠤ ᠶᠢᠨ ᠬᠠᠮᠲᠤ᠂ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠰᠢᠯᠢᠳᠡᠭᠵᠢᠭᠦᠯᠬᠦ ᠪᠠ ᠳᠡᠭᠡᠭᠰᠢᠯᠡᠭᠦᠯᠬᠦ ᠪᠠᠷ ᠳᠠᠮᠵᠢᠭᠤᠯᠤᠨ᠂ ᠤᠤᠯ ᠤᠨ | ᠤᠯᠤᠰ ᠤᠨ ᠲᠠᠰ ᠤᠨ ᠨᠡᠪᠴᠢᠭᠦᠯᠦᠭᠦᠷ ᠢ ᠶᠠᠮᠤᠨ ᠲᠠᠰ ︵ᠪᠠᠷᠢᠮᠵᠢᠶ᠎ᠠ ᠲᠠᠰ︶ ᠤᠨ ᠨᠡᠪᠴᠢᠭᠦᠯᠦᠭᠦᠷ ᠲᠤ ᠲᠣᠭᠲᠠᠭᠤᠨ ᠢᠶᠠᠷ ᠰᠢᠯᠵᠢᠬᠦ ᠶᠢ ᠠᠬᠢᠭᠤᠯᠪᠠ᠃ ᠶᠠᠮᠤᠨ | ᠲᠠᠰ ︵ᠰᠢᠯᠭᠠᠷᠠᠭᠰᠠᠨ ᠲᠠᠰ︶ ᠤᠨ ᠨᠡᠪᠴᠢᠭᠦᠯᠦᠭᠦᠷ ᠪᠣᠯ ᠳᠡᠯᠡᠬᠡᠢ ᠶᠢᠨ ᠲᠡᠷᠢᠭᠦᠨ ᠳᠤ ᠣᠷᠣᠬᠤ ᠯᠤᠭ᠎ᠠ ᠬᠠᠷᠢᠴᠠᠭᠤᠯᠵᠤ ᠪᠠᠶᠢᠭᠠᠳ ᠰᠢᠯᠢᠳᠡᠭ ᠢᠶᠠᠷ ᠰᠣᠩᠭᠤᠵᠤ | ᠮᠠᠭᠠᠳᠯᠠᠨ ᠲᠣᠭᠲᠠᠭᠠᠵᠤ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠤᠨ ᠬᠦᠷᠢᠶᠡᠨ ᠳᠤ ᠬᠠᠨᠳᠤᠭᠤᠯᠤᠭᠰᠠᠨ᠂ ᠥᠨᠳᠥᠷ | ᠪᠠᠷᠢᠮᠵᠢᠶᠠᠲᠤ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠰᠢᠨ᠎ᠡ ᠶᠢ ᠡᠭᠦᠳᠬᠦ ᠬᠡᠯᠪᠡᠷᠢ ᠶᠢᠨ ᠨᠡᠪᠴᠢᠭᠦᠯᠦᠭᠦᠷ ᠪᠣᠯᠣᠨ᠎ᠠ᠃ ᠭᠠᠷᠮᠠᠭᠠᠢ ᠲᠠᠰ ᠤᠨ ᠨᠡᠪᠴᠢᠭᠦᠯᠦᠭᠦᠷ | ᠨᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠰᠢᠯᠢᠳᠡᠭ ᠠᠴᠠ ᠰᠢᠯᠢᠳᠡᠭ ᠢ ᠰᠣᠩᠭᠤᠬᠤ᠂ ᠶᠡᠷᠦᠩᠬᠡᠢ ᠬᠡᠮᠵᠢᠶ᠎ᠡ ᠪᠠᠷ ᠬᠢᠵᠠᠭᠠᠷᠯᠠᠬᠤ ᠶᠢ | ᠪᠠᠷᠢᠮᠲᠠᠯᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠤᠭᠤᠯᠬᠤ ᠪᠠ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠᠷ ᠳᠠᠮᠵᠢᠭᠤᠯᠤᠨ᠂ ᠭᠠᠷᠮᠠᠭᠠᠢ | ᠲᠠᠰ ᠤᠨ ᠨᠡᠪᠴᠢᠭᠦᠯᠦᠭᠦᠷ ᠤᠨ ᠬᠡᠪ ᠳᠠᠭᠤᠷᠢᠶᠠᠯ ᠪᠣᠯᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠬᠦᠴᠦᠯᠡᠨ ᠪᠠᠳᠠᠷᠠᠭᠤᠯᠵᠤ᠂ ᠬᠤᠰᠢᠭᠤᠷᠠᠯ ᠮᠡᠷᠭᠡᠵᠢᠯ ᠤᠨ | ᠦᠷ᠎ᠡ ᠪᠦᠲᠦᠭᠡᠯ ᠤᠨ ᠠᠵᠤ ᠦᠶᠢᠯᠡᠰᠵᠢᠭᠦᠯᠬᠦ ᠶᠢ ᠠᠬᠢᠭᠤᠯᠤᠨ᠎ᠠ᠃ | ᠮᠠᠭᠠᠳᠯᠠᠨ ᠲᠣᠭᠲᠠᠭᠠᠬᠤ ᠨᠥᠬᠦᠴᠡᠯ ᠤᠨ ᠲᠠᠯ᠎ᠠ ᠠᠴᠠ ᠦᠵᠡᠪᠡᠯ᠂ ᠪᠠᠷᠢᠮᠵᠢᠶ᠎ᠠ ᠳᠡᠰ ᠤᠨ ᠨᠡᠪᠴᠢᠭᠦᠯᠦᠭᠦᠷ ᠢ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ | ᠯᠤᠭ᠎ᠠ ᠤᠶᠠᠯᠳᠤᠭᠤᠯᠤᠨ᠂ ᠬᠡᠰᠡᠭ ᠭᠦᠢᠴᠡᠳᠬᠡᠯ ᠲᠤᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠪᠠ ᠰᠢᠯᠢᠳᠡᠭᠵᠢᠭᠦᠯᠵᠦ᠂ ᠨᠡᠪᠴᠢᠭᠦᠯᠬᠦ ᠦᠢᠯᠡᠴᠢᠯᠡᠭᠡᠨ ᠤ ᠴᠢᠳᠠᠪᠤᠷᠢ ᠪᠠ | ᠨᠡᠪᠴᠢᠭᠦᠯᠬᠦ ᠶᠢᠨ ᠦᠷ᠎ᠡ ᠪᠦᠲᠦᠮᠵᠢ ᠶᠢ ᠮᠥᠨ ᠴᠢᠨᠠᠷ ᠳᠡᠭᠡᠷ᠎ᠡ ᠪᠠᠨ ᠨᠠᠩ ᠢᠯᠡᠭᠦᠦ ᠴᠢᠬᠤᠯᠠᠴᠢᠯᠠᠪᠠ᠂ ᠡᠭᠦᠨ ᠳᠤ᠄ ᠨᠡᠪᠴᠢᠭᠦᠯᠬᠦ ᠠᠵᠤ ᠠᠬᠤᠶᠢᠯᠠᠯ ᠤᠨ ᠰᠢᠨ᠎ᠡ ᠪᠠᠷ | ᠨᠡᠮᠡᠭᠳᠡᠭᠰᠡᠨ ᠳᠠᠩᠰᠠᠯᠠᠭᠤᠯᠤᠭᠰᠠᠨ ᠲᠤᠭ᠎ᠠ ᠶᠢᠨ ᠡᠵᠡᠯᠡᠬᠦ ᠬᠠᠷᠢᠴᠠᠯ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠡᠵᠡᠯᠡᠬᠦ ᠬᠠᠷᠢᠴᠠᠯ᠂ ᠨᠡᠪᠴᠢᠭᠦᠯᠬᠦ | ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠤᠨ ᠨᠣᠷᠮ᠎ᠠ᠂ ᠨᠡᠪᠴᠢᠭᠦᠯᠬᠦ ᠦᠢᠯᠡᠴᠢᠯᠡᠭᠡᠨ ᠤ | ᠣᠷᠣᠯᠭ᠎ᠠ ᠶᠢᠨ ᠡᠵᠡᠯᠡᠬᠦ ᠬᠠᠷᠢᠴᠠᠯ ᠵᠡᠷᠭᠡ ᠠᠵᠤ ᠠᠬᠤᠶᠢᠯᠠᠯ ᠤᠨ ᠶᠠᠰᠤ ᠴᠢᠨᠠᠷ ᠪᠠ ᠨᠡᠪᠴᠢᠭᠦᠯᠦᠭᠦᠷ ᠤᠨ ᠡᠵᠡᠩᠨᠡᠯᠲᠡ ᠶᠢᠨ ᠴᠢᠳᠠᠪᠤᠷᠢ ᠶᠢ ᠢᠯᠡᠷᠡᠭᠦᠯᠬᠦ ᠲᠠᠯ᠎ᠠ ᠳᠠᠬᠢ | ᠮᠠᠭᠠᠳᠯᠠᠨ ᠲᠣᠭᠲᠠᠭᠠᠬᠤ ᠨᠥᠬᠦᠴᠡᠯ ᠢ ᠨᠡᠮᠡᠭᠳᠡᠭᠦᠯᠪᠡ︔ ᠨᠡᠪᠴᠢᠭᠦᠯᠬᠦ ᠪᠡᠯᠡ ᠮᠥᠩᠭᠦᠨ ᠤ ᠬᠡᠪᠴᠢᠶ᠎ᠡ᠂ ᠠᠵᠤ ᠠᠬᠤᠶᠢᠯᠠᠯ ᠤᠨ ᠪᠡᠶᠡᠯᠡᠭᠦᠯᠵᠦ ᠳᠠᠭᠤᠰᠬᠠᠬᠤ ᠲᠤᠭ᠎ᠠ | ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢᠨ ᠨᠥᠬᠦᠴᠡᠯ ᠢ ᠲᠣᠬᠢᠷᠠᠭᠤᠯᠤᠨ ᠰᠢᠯᠢᠳᠡᠭᠵᠢᠭᠦᠯᠪᠡ︔ ᠲᠠᠯᠠᠪᠤᠷ ᠭᠠᠵᠠᠷ ᠤᠨ ᠲᠠᠯᠠᠪᠠᠢ ᠶᠢ ᠵᠣᠬᠢᠰᠲᠠᠢ ᠪᠠᠷ ᠪᠠᠭᠤᠷᠠᠭᠤᠯᠵᠤ᠂ | ᠨᠡᠪᠴᠢᠭᠦᠯᠬᠦ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠵᠡᠷᠭᠡ ᠬᠡᠪᠴᠢᠶᠡᠵᠢᠯ ᠤᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠭᠠᠷᠮᠠᠭᠠᠢ ᠲᠠᠰ ᠤᠨ ᠨᠡᠪᠴᠢᠭᠦᠯᠦᠭᠦᠷ ᠨᠢ | ᠠᠵᠤ ᠦᠢᠯᠡᠰ ᠤᠨ ᠰᠢᠨᠵᠢ ᠴᠢᠨᠠᠷ ᠢ ᠴᠢᠩᠭᠠᠳᠬᠠᠬᠤ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠬᠤ᠂ ᠴᠢᠳᠠᠪᠤᠷᠢᠲᠠᠨ ᠢᠶᠠᠷ ᠬᠥᠲᠥᠯᠬᠦ ᠶᠢ ᠴᠢᠩᠭᠠᠳᠬᠠᠬᠤ᠂ | ᠪᠡᠯᠡ ᠣᠷᠣᠭᠤᠯᠤᠯᠲᠠ ᠶᠢᠨ ᠴᠢᠳᠠᠪᠤᠷᠢ ᠣᠯᠭᠤᠬᠤ ᠶᠢ ᠴᠢᠩᠭᠠᠳᠬᠠᠬᠤ᠂ ᠬᠤᠷᠳᠤᠴᠠ ᠶᠢ ᠲᠦᠷᠭᠡᠳᠬᠡᠬᠦ ᠦᠢᠯᠡᠳᠦᠯ ᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢ | ᠭᠦᠢᠴᠡᠳ ᠢᠯᠡᠷᠡᠭᠦᠯᠵᠦ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠭᠤᠯᠵᠤ ᠰᠢᠯᠢᠳᠡᠭ ᠢ ᠨᠢ ᠰᠣᠩᠭᠤᠨ᠎ᠠ᠃ | 4. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠪᠠᠶᠢᠬᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ | ︵ᠲᠦᠷᠭᠡᠳᠬᠡᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠪᠠᠭᠲᠠᠨ᠎ᠠ︶ ᠲᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠦᠨ᠎ᠡ᠃ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠨᠢ ᠶᠠᠮᠤᠨ ᠲᠠᠰ ᠤᠨ ᠨᠡᠪᠴᠢᠭᠦᠯᠦᠭᠦᠷ ᠢ ᠮᠠᠭᠠᠳᠯᠠᠨ ᠲᠣᠭᠲᠠᠭᠠᠬᠤ ᠶᠢ ᠨᠢ ᠬᠠᠷᠢᠭᠤᠴᠠᠨ᠎ᠠ᠂ ᠡᠭᠦᠨ ᠳᠤ ᠪᠠᠷᠢᠮᠵᠢᠶ᠎ᠠ ᠲᠠᠰ | ᠪᠠ ᠭᠠᠷᠮᠠᠭᠠᠢ ᠲᠠᠰ ᠪᠠᠭᠲᠠᠨ᠎ᠠ᠃ ᠵᠠᠷᠴᠢᠮ ᠳᠡᠭᠡᠷ᠎ᠡ ᠪᠠᠨ ᠨᠡᠪᠴᠢᠭᠦᠯᠦᠭᠦᠷ ᠢ ᠮᠠᠭᠠᠳᠯᠠᠨ ᠲᠣᠭᠲᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ | ᠃ ᠡᠭᠦᠨ ᠤ ᠬᠠᠮᠲᠤ ᠪᠥᠬᠦ ᠤᠯᠤᠰ ᠤᠨ ᠨᠡᠪᠴᠢᠭᠦᠯᠦᠭᠦᠷ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠵᠤ᠂ | ᠨᠡᠪᠴᠢᠭᠦᠯᠦᠭᠦᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠬᠢᠨᠠᠨ ᠰᠢᠨᠵᠢᠵᠦ ᠵᠠᠳᠠᠯᠤᠯᠲᠠ ᠬᠢᠬᠦ ᠵᠡᠷᠭᠡ ᠠᠵᠢᠯ ᠥᠷᠨᠢᠭᠦᠯᠦᠨ᠎ᠡ᠃ ᠦᠨᠡᠯᠡᠯᠲᠡ ᠬᠢᠬᠦ ᠬᠢᠨᠠᠯᠲᠠ | ᠲᠠᠯᠪᠢᠬᠤ ᠲᠤᠬᠠᠢ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠨᠡᠪᠴᠢᠭᠦᠯᠦᠭᠦᠷ ᠤᠨ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠪᠠᠷᠢᠮᠵᠢᠶ᠎ᠠ ᠶᠢ | ᠠᠰ ᠲᠤ ᠨᠢ ᠲᠣᠭᠲᠠᠭᠠᠵᠤ᠂ ᠪᠠᠷᠢᠮᠵᠢᠶ᠎ᠠ ᠲᠠᠰ ᠤᠨ ᠨᠡᠪᠴᠢᠭᠦᠯᠦᠭᠦᠷ ᠲᠤ ᠵᠢᠯ ᠪᠦᠷᠢ ᠠᠮᠵᠢᠯᠲᠠ ᠪᠦᠲᠦᠮᠵᠢ ᠶᠢ ᠨᠢ ᠦᠨᠡᠯᠡᠵᠦ᠂ ᠭᠠᠷᠮᠠᠭᠠᠢ ᠲᠠᠰ ᠤᠨ | ᠨᠡᠪᠴᠢᠭᠦᠯᠦᠭᠦᠷ ᠲᠤ 3 ᠵᠢᠯ ᠪᠣᠯᠬᠤ ᠪᠦᠷᠢ ᠳᠠᠬᠢᠨ ᠬᠠᠷᠭᠤᠭᠤᠯᠤᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ | ᠲᠤᠰᠬᠠᠢ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠡᠪᠴᠢᠭᠦᠯᠦᠭᠦᠷ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠪᠦᠰᠡ ᠶᠢᠨ | ᠪᠣᠳᠠᠲᠠᠢ ᠲᠠᠢ ᠪᠠᠨ ᠤᠶᠠᠯᠳᠤᠭᠤᠯᠤᠨ ᠨᠡᠪᠴᠢᠭᠦᠯᠦᠭᠦᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠨᠡᠪᠴᠢᠭᠦᠯᠦᠭᠦᠷ ᠢᠶᠠᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ | 5. ᠠᠰᠠᠭᠤᠯᠲᠠ᠄ ᠰᠢᠨ᠎ᠡ ᠪᠠᠷ ᠮᠠᠭᠠᠳᠯᠠᠨ ᠲᠣᠭᠲᠠᠭᠠᠭᠰᠠᠨ ᠶᠠᠮᠤᠨ ᠳᠡᠰ ᠤᠨ ᠨᠡᠪᠴᠢᠭᠦᠯᠦᠭᠦᠷ ᠢ ᠤᠤᠯ ᠤᠨ ᠤᠯᠤᠰ ᠤᠨ ᠳᠡᠰ ᠤᠨ ᠨᠡᠪᠴᠢᠭᠦᠯᠦᠭᠦᠷ ᠯᠦᠭᠡ | ᠬᠡᠷᠬᠢᠨ ᠵᠣᠯᠭᠠᠭᠤᠯᠬᠤ ᠪᠤᠢ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ 2027 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯᠠᠬᠢ ᠬᠤᠭᠤᠴᠠᠭ᠎ᠠ ᠶᠢ ᠲᠥᠷᠥ ᠶᠢᠨ ᠪᠣᠳᠣᠯᠭ᠎ᠠ ᠵᠣᠯᠭᠠᠭᠤᠯᠬᠤ ᠰᠢᠯᠵᠢᠯᠲᠡ ᠶᠢᠨ ᠬᠤᠭᠤᠴᠠᠭ᠎ᠠ ᠪᠣᠯᠭᠠᠵᠤ᠂ ᠰᠢᠯᠵᠢᠯᠲᠡ ᠶᠢᠨ | ᠬᠤᠭᠤᠴᠠᠭᠠᠨ ᠳᠤ ᠬᠠᠮᠢᠶ᠎ᠠ ᠪᠦᠬᠦᠢ ᠪᠠᠶᠢᠭᠤᠯᠤᠮᠵᠢ ᠶᠢᠨ ᠤᠤᠯ ᠤᠨ ︽ᠤᠯᠤᠰ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ︾ ᠤᠨ ᠬᠢᠷᠢ ᠬᠡᠮ ᠢ ᠦᠷᠭᠦᠯᠵᠢᠯᠡᠨ ᠦᠯᠡᠳᠡᠭᠡᠬᠦ ᠶᠢᠨ ᠬᠠᠮᠲᠤ ︽ᠬᠠᠮᠢᠶᠠᠷᠤᠯᠲᠠ ᠶᠢᠨ ᠠᠷᠭ᠎ᠠ︾ ᠶᠣᠰᠣᠭᠠᠷ ︽ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ︾ ᠢᠶᠠᠷ ᠭᠤᠶᠤᠴᠢᠯᠠᠨ | ᠮᠡᠳᠡᠭᠦᠯᠵᠦ ᠪᠣᠯᠣᠨ᠎ᠠ᠃ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ︽ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ︾ ᠤᠨ ᠬᠢᠷᠢ ᠬᠡᠮ ᠢ ᠣᠯᠣᠭᠰᠠᠨ ᠦᠭᠡᠢ ᠤᠤᠯ ᠤᠨ | ᠤᠯᠤᠰ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠵᠣᠬᠢᠬᠤ ᠬᠢᠷᠢ ᠬᠡᠮ ᠢ ᠨᠢ ᠳᠠᠭᠢᠵᠤ ᠦᠯᠡᠳᠡᠭᠡᠬᠦ | ᠦᠭᠡᠢ᠃ ᠭᠠᠶᠢᠯᠢ ᠲᠠᠲᠠᠪᠤᠷᠢ ᠶᠢᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠠᠪᠤᠳᠠᠯ ᠢ ᠠᠰ ᠲᠤ ᠨᠢ ᠮᠡᠳᠡᠭᠳᠡᠨ᠎ᠡ᠃ | | |