1. ᠠᠵᠤ ᠠᠬᠤᠶᠢᠯᠠᠯ ᠤᠨ ᠵᠣᠴᠢᠯᠠᠵᠤ ᠳᠠᠶᠢᠯᠠᠬᠤ ᠲᠠᠯᠠᠪᠤᠷ ᠭᠠᠵᠠᠷ ᠲᠤ ᠣᠴᠢᠵᠤ ᠥᠭᠡᠷᠡᠲᠦᠭᠦᠯᠦᠭᠰᠡᠨ ᠬᠡᠯᠪᠡᠷᠢ ᠪᠠᠷ ᠢᠳᠡᠵᠦ ᠤᠤᠭᠤᠬᠤ ᠪᠠ ᠨᠠᠷᠭᠢᠨ | ᠴᠡᠩᠬᠡᠵᠦ ᠪᠣᠯᠬᠤ ᠦᠭᠡᠢ | ᠬᠤᠶᠠᠷ ᠤᠳᠤᠷᠢᠳᠤᠯᠭ᠎ᠠ ᠡ᠂ ᠦᠳᠡ ᠳᠤ ᠪᠢᠳᠡ ᠲᠠᠪᠤᠨ ᠣᠳᠣᠨ ᠳᠡᠰ ᠤᠨ ᠪᠠᠭᠤᠳᠠᠯ ᠳᠤ ᠬᠤᠭᠤᠯᠠ ᠵᠣᠭᠤᠭᠯᠠᠬᠤ ᠪᠠᠷ ᠣᠴᠢᠶ᠎ᠠ᠃ | ᠪᠢᠳᠡᠨ ᠳᠤ ᠲᠣᠭᠲᠠᠭᠠᠭᠰᠠᠨ ᠲᠣᠭᠲᠠᠭᠠᠯ ᠢᠶᠠᠷ ᠵᠣᠴᠢᠳ ᠤᠨ ᠪᠠᠭᠤᠳᠠᠯ ᠤᠨ ᠰᠣᠩᠭᠤᠪᠤᠷᠢᠲᠤ ᠬᠤᠭᠤᠯᠠ᠂ ᠳᠥᠭᠦᠮ ᠬᠤᠭᠤᠯᠠ ᠪᠤᠶᠤ ᠬᠤᠪᠢᠳᠠᠭᠰᠠᠨ | ᠬᠤᠭᠤᠯᠠ ᠲᠣᠬᠢᠷᠠᠭᠤᠯᠤᠭᠠᠷᠠᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠠᠵᠤ ᠠᠬᠤᠶᠢᠯᠠᠯ ᠤᠨ ᠵᠣᠴᠢᠯᠠᠵᠤ ᠳᠠᠶᠢᠯᠠᠬᠤ ᠲᠠᠯᠠᠪᠤᠷ ᠭᠠᠵᠠᠷ ᠲᠤ ᠣᠴᠢᠵᠤ ᠥᠭᠡᠷᠡᠲᠦᠭᠦᠯᠦᠭᠰᠡᠨ | ᠬᠡᠯᠪᠡᠷᠢ ᠪᠠᠷ ᠢᠳᠡᠵᠦ ᠤᠤᠭᠤᠬᠤ ᠪᠠ ᠨᠠᠷᠭᠢᠨ ᠴᠡᠩᠬᠡᠵᠦ ᠪᠣᠯᠬᠤ ᠦᠭᠡᠢ᠂ ᠠᠯᠪᠠᠨ ᠶᠠᠪᠤᠳᠠᠯ ᠢᠶᠠᠷ ᠬᠤᠭᠤᠯᠠᠯᠠᠬᠤ ᠪᠣᠯ ᠪᠠᠶᠢᠭᠤᠯᠭ᠎ᠠ ᠶᠢᠨ ᠳᠣᠲᠣᠭᠠᠳᠤ ᠳᠠᠬᠢ | ᠵᠣᠴᠢᠯᠠᠵᠤ ᠳᠠᠶᠢᠯᠠᠬᠤ ᠲᠠᠯᠠᠪᠤᠷ ᠭᠠᠵᠠᠷ ᠪᠤᠶᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠣᠭᠲᠠᠭᠠᠭᠰᠠᠨ ᠲᠣᠭᠲᠠᠮᠠᠯ ᠴᠡᠭ ᠤᠨ | ᠵᠣᠴᠢᠳ ᠤᠨ ᠪᠠᠭᠤᠳᠠᠯ ᠳᠤ ᠲᠣᠬᠢᠷᠠᠭᠤᠯᠬᠤ ᠬᠡᠷᠡᠭᠲᠡᠢ᠃ | 2. ᠶᠡᠭᠡ ᠪᠠᠷ ᠪᠠᠵᠠᠭᠠᠵᠤ ᠶᠡᠭᠡ ᠪᠠᠷ ᠡᠷᠬᠢᠯᠡᠭᠰᠡᠨ ᠬᠤᠷᠢᠮ ᠪᠡᠯᠪᠡᠰᠦᠷᠡᠯ ᠤᠨ ᠲᠠᠯᠠᠪᠤᠷ ᠭᠠᠵᠠᠷ ᠲᠤ ᠣᠴᠢᠵᠤ ᠪᠣᠯᠬᠤ ᠦᠭᠡᠢ | ᠤᠳᠤᠷᠢᠳᠤᠯᠭᠠᠡ᠂ ᠬᠡᠦᠬᠡᠳ ᠤᠨ ᠢᠶᠠᠨ ᠬᠤᠷᠢᠮ ᠢ ᠮᠠᠨ ᠤ ᠬᠡᠭᠡᠨᠴᠢᠷ ᠪᠠᠭᠤᠳᠠᠯ ᠳᠤ ᠲᠣᠭᠲᠠᠭᠠᠴᠢᠬ᠎ᠠ᠂ ᠲᠡᠷᠡ ᠦᠶ᠎ᠡ ᠳᠤ ᠪᠢ ᠲᠠᠨ ᠳᠤ ᠪᠠᠵᠠᠭᠠᠵᠤ | ᠪᠡᠯᠡᠳᠬᠡᠵᠦ ᠥᠭᠭᠦᠶ᠎ᠡ᠃ | ᠯᠢ ᠳᠠᠭᠠᠭᠠᠮᠠᠯ ᠤᠨ ᠰᠠᠶᠢᠬᠠᠨ ᠰᠠᠨᠠᠭᠠᠨ ᠳᠤ ᠪᠠᠶᠠᠷᠯᠠᠯ᠎ᠠ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠪᠠᠶᠠᠷ ᠬᠤᠷᠢᠮ ᠤᠨ ᠶᠠᠪᠤᠳᠠᠯ ᠢ ᠶᠡᠭᠡ ᠪᠠᠷ | ᠪᠠᠵᠠᠭᠠᠵᠤ᠂ ᠪᠦᠷᠢᠯᠭᠡᠨ ᠰᠦᠢᠳᠬᠡᠵᠦ ᠪᠣᠯᠬᠤ ᠦᠭᠡᠢ᠂ ᠪᠢ ᠡᠷᠬᠡᠪᠰᠢ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠠᠷᠪᠢᠯᠠᠨ ᠭᠠᠮᠨᠠᠬᠤ ᠬᠡᠷᠡᠭᠲᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠵᠠᠩ ᠳᠠᠳᠬᠠᠯ ᠢ ᠥᠭᠡᠷᠡᠴᠢᠯᠡᠵᠦ᠂ ᠮᠠᠭᠤ ᠰᠤᠷᠲᠠᠯ ᠢ ᠡᠰᠡᠷᠭᠦᠴᠡᠬᠦ ᠬᠡᠷᠡᠭᠲᠡᠢ᠂ ᠵᠠᠩ | ᠳᠠᠳᠬᠠᠯ ᠢ ᠰᠠᠬᠢᠬᠤ᠂ ᠨᠠᠶᠢᠷ ᠲᠠᠯ᠎ᠠ ᠳᠤ ᠨᠡᠶᠢᠴᠡᠭᠦᠯᠬᠦ ᠵᠡᠷᠭᠡ ᠰᠢᠯᠲᠠᠭ ᠢᠶᠠᠷ ᠡᠷᠬᠡ ᠲᠤᠰᠢᠶᠠᠯ ᠪᠤᠶᠤ ᠡᠭᠦᠷᠭᠡ ᠲᠤᠰᠢᠶᠠᠯ ᠤᠨ ᠨᠥᠯᠥᠭᠡ ᠪᠠᠨ ᠠᠰᠢᠭᠯᠠᠨ᠂ | ᠲᠣᠭᠲᠠᠭᠠᠯ ᠠᠴᠠ ᠵᠥᠷᠢᠴᠡᠨ ᠬᠤᠷᠢᠮ ᠪᠡᠯᠪᠡᠰᠦᠷᠡᠯ ᠤᠨ ᠶᠠᠪᠤᠳᠠᠯ ᠬᠢᠵᠦ ᠪᠣᠯᠬᠤ ᠦᠭᠡᠢ᠃ | 3. ᠬᠤᠪᠢ ᠬᠦᠮᠦᠨ ᠤ ᠺᠯᠦ᠋ᠪ ᠲᠤ ᠣᠴᠢᠵᠤ ᠪᠣᠯᠬᠤ ᠦᠭᠡᠢ | ᠡᠷᠬᠢᠯᠡᠭᠴᠢ ᠠ᠋᠂ ᠪᠠᠰᠠ ᠠᠵᠢᠯᠯᠠᠬᠤ ᠴᠠᠭ ᠢᠶᠠᠨ ᠨᠡᠮᠡᠵᠦ ᠠᠵᠢᠯᠯᠠᠭᠰᠠᠭᠠᠷ ᠪᠠᠶᠢᠨ᠎ᠡ ᠦᠦ᠂ ᠡᠨᠡ ᠬᠠᠪᠢ ᠳᠤ ᠨᠢᠭᠡᠨ ᠳᠡᠭᠡᠳᠦ ᠳᠡᠰ ᠤᠨ ᠬᠤᠪᠢ ᠬᠦᠮᠦᠨ ᠤ | ᠺᠯᠦ᠋ᠪ ᠡᠷᠦᠬᠡ ᠪᠠᠨ ᠰᠡᠬᠦᠵᠡᠢ᠂ ᠴᠢᠯᠡᠭᠡ ᠪᠠᠨ ᠲᠠᠶᠢᠯᠬᠤ ᠪᠠᠷ ᠶᠠᠪᠤᠬᠤ ᠦᠦ︖ | ᠣᠴᠢᠵᠤ ᠪᠣᠯᠬᠤ ᠦᠭᠡᠢ᠂ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠷᠢᠭ᠎ᠠ ᠱᠤᠭᠤᠮ ᠠᠴᠠ ᠳᠡᠪᠠᠵᠤ | ᠪᠣᠯᠬᠤ ᠦᠭᠡᠢ᠂ ᠳᠡᠭᠡᠳᠦ ᠲᠡᠰ ᠤᠨ ᠺᠯᠦ᠋ᠪ ᠤᠨ ᠭᠠᠵᠠᠷ ᠢᠶᠠᠷ ᠣᠴᠢᠵᠤ ᠪᠣᠯᠬᠤ ᠦᠭᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠨ ᠬᠤᠪᠢ ᠬᠥᠮᠥᠨ ᠤ ᠺᠯᠦ᠋ᠪ ᠲᠤ ᠣᠴᠢᠵᠤ ᠪᠣᠯᠬᠤ | ᠦᠭᠡᠢ᠂ ᠦᠢᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠢ ᠪᠠᠶᠢᠪᠠᠯ ᠳᠣᠩᠭᠤᠳᠬᠤ ᠪᠤᠶᠤ ᠴᠢᠩᠭ᠎ᠠ ᠳᠣᠩᠭᠤᠳᠬᠤ ᠰᠢᠢᠳᠬᠡᠯ ᠥᠭᠭᠦᠨ᠎ᠡ︔ ᠤᠢᠢᠯᠠ ᠪᠠᠶᠢᠳᠠᠯ ᠢᠶᠠᠷ | ᠬᠦᠨᠳᠦ ᠨᠣᠴᠢᠲᠠᠢ ᠪᠣᠯᠪᠠᠯ᠂ ᠨᠠᠮ ᠤᠨ ᠳᠣᠲᠣᠭᠠᠳᠤ ᠳᠠᠬᠢ ᠲᠤᠰᠢᠶᠠᠯ ᠢᠶᠠᠨ ᠤᠭᠴᠠᠷᠠᠭᠳᠠᠬᠤ ᠪᠤᠶᠤ ᠨᠠᠮ ᠳᠤ ᠦᠯᠡᠳᠡᠭᠡᠵᠦ ᠬᠢᠨᠠᠨ ᠦᠵᠡᠬᠦ ᠰᠢᠢᠳᠬᠡᠯ ᠣᠯᠬᠤ | ᠪᠣᠯᠣᠨ᠎ᠠ᠃ | 4. ᠥᠨᠳᠥᠷ ᠦᠨ᠎ᠡ ᠲᠠᠢ ᠵᠤᠭ᠎ᠠ ᠴᠡᠩᠭᠡᠯ ᠤᠨ ᠭᠠᠵᠠᠷ ᠲᠤ ᠣᠴᠢᠵᠤ ᠪᠣᠯᠬᠤ ᠦᠭᠡᠢ᠂ ᠬᠠᠮᠢᠶᠠᠷᠤᠭᠳᠠᠨ ᠦᠢᠯᠡᠴᠢᠯᠡᠭᠦᠯᠬᠦ ᠲᠠᠯ᠎ᠠ ᠶᠢᠨ ᠲᠣᠬᠢᠷᠠᠭᠤᠯᠤᠭᠰᠠᠨ | ᠳᠠᠶᠢᠯᠠᠯᠭ᠎ᠠ ᠪᠠ ᠵᠤᠭ᠎ᠠ ᠴᠡᠩᠭᠡᠯ ᠤᠨ ᠠᠵᠢᠯᠯᠠᠭ᠎ᠠ ᠳᠤ ᠣᠴᠢᠵᠤ ᠪᠣᠯᠬᠤ ᠦᠭᠡᠢ | ᠤᠳᠤᠷᠢᠳᠤᠯᠭ᠎ᠠ ᠡ᠂ ᠮᠠᠨ ᠤ ᠺᠣᠮᠫᠠᠨᠢ ᠳᠡᠭᠡᠳᠦ ᠳᠡᠰ ᠤᠨ ᠺᠯᠦ᠋ᠪ ᠲᠠᠢ ᠪᠣᠯᠵᠠᠢ᠂ ᠲᠠ ᠣᠴᠢᠵᠤ ᠦᠵᠡᠭᠡᠷᠡᠢ᠂ ᠵᠠᠷᠤᠳᠠᠯ ᠢ ᠨᠢ ᠪᠢᠳᠡ ᠪᠦᠬᠦᠨ ᠢ ᠳᠠᠭᠠᠭᠠᠶᠠ᠃ | | ᠪᠢᠳᠡᠨ ᠳᠤ ᠲᠣᠭᠲᠠᠭᠠᠭᠰᠠᠨ ᠲᠣᠭᠲᠠᠭᠠᠯ ᠢᠶᠠᠷ ᠪᠣᠯ᠂ ᠨᠠᠮ ᠤᠨ ᠭᠡᠰᠢᠭᠦᠨ ᠺᠠᠳ᠋ᠷᠴᠤᠳ ᠥᠨᠳᠥᠷ ᠦᠨ᠎ᠡ ᠲᠠᠢ ᠵᠤᠭ᠎ᠠ ᠴᠡᠩᠭᠡᠯ ᠤᠨ ᠭᠠᠵᠠᠷ ᠲᠤ ᠣᠴᠢᠵᠤ | ᠪᠣᠯᠬᠤ ᠦᠭᠡᠢ᠂ ᠬᠠᠮᠢᠶᠠᠷᠤᠭᠳᠠᠨ ᠦᠢᠯᠡᠴᠢᠯᠡᠭᠦᠯᠬᠦ ᠲᠠᠯ᠎ᠠ ᠶᠢᠨ ᠲᠣᠬᠢᠷᠠᠭᠤᠯᠤᠭᠰᠠᠨ ᠳᠠᠶᠢᠯᠠᠯᠭ᠎ᠠ ᠳᠤ ᠣᠴᠢᠵᠤ ᠪᠣᠯᠬᠤ ᠦᠭᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠭᠠᠯ ᠠᠴᠠ ᠵᠦᠷᠢᠴᠡᠨ ᠥᠨᠳᠥᠷ ᠦᠨ᠎ᠡ ᠲᠠᠢ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠪᠠ ᠲᠥᠪ ᠭᠤᠥᠯᠴᠢ ᠪᠠᠷ ᠠᠯᠪᠠᠨ ᠶᠠᠪᠤᠳᠠᠯ ᠭᠦᠢᠴᠡᠳᠬᠡᠬᠦ ᠶᠢ ᠨᠥᠯᠥᠭᠡᠯᠡᠬᠦ ᠳᠠᠶᠢᠯᠠᠯᠭ᠎ᠠ᠂ ᠵᠤᠭ᠎ᠠ ᠴᠡᠩᠭᠡᠯ ᠤᠨ ᠠᠵᠢᠯᠯᠠᠭ᠎ᠠ ᠶᠢᠨ | ᠲᠣᠬᠢᠷᠠᠭᠤᠯᠤᠯᠲᠠ ᠳᠤ ᠲᠣᠭᠲᠠᠭᠠᠯ ᠠᠴᠠ ᠵᠥᠷᠢᠴᠡᠨ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠂ ᠦᠶᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠢ ᠪᠠᠶᠢᠪᠠᠯ | ᠨᠠᠮ ᠤᠨ ᠳᠣᠲᠣᠭᠠᠳᠤ ᠳᠠᠬᠢ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠰᠢᠢᠳᠬᠡᠯ ᠥᠭᠴᠦ ᠪᠣᠯᠣᠨ᠎ᠠ᠃ | 5. ᠮᠤᠬᠤᠷ ᠪᠢᠰᠢᠷᠡᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ ᠣᠴᠢᠵᠤ ᠪᠣᠯᠬᠤ ᠦᠭᠡᠢ᠂ ᠮᠤᠬᠤᠷ ᠪᠢᠰᠢᠷᠡᠯ ᠤᠨ ᠠᠵᠢᠯᠯᠠᠭ᠎ᠠ ᠳᠤ ᠣᠷᠣᠯᠴᠠᠬᠤ ᠪᠤᠶᠤ | ᠲᠡᠭᠦᠨ ᠢ ᠳᠡᠮᠵᠢᠵᠦ ᠪᠣᠯᠬᠤ ᠦᠭᠡᠢ | ᠤᠳᠤᠷᠢᠳᠤᠯᠭᠠᠡ᠂ ᠮᠠᠨ ᠤ ᠠᠳᠡᠬᠢ ᠨᠢᠭᠡ ᠰᠦᠮ᠎ᠡ ᠳᠤ ᠠᠵᠢᠯ ᠦᠢᠯᠡᠰ ᠤᠨ ᠤᠷᠤᠭᠰᠢᠲᠠᠢ ᠪᠠᠶᠢᠬᠤ ᠪᠠ ᠵᠡᠷᠭᠡ ᠲᠤᠰᠢᠶᠠᠯ ᠳᠡᠪᠰᠢᠬᠦ ᠶᠢ ᠬᠦᠰᠡᠪᠡᠯ ᠮᠠᠰᠢ | ᠲᠤᠰᠠᠲᠠᠢ᠂ ᠣᠴᠢᠵᠤ ᠲᠤᠷᠰᠢᠵᠤ ᠦᠵᠡᠨ᠎ᠡ ᠦᠦ︖ | ᠪᠠᠶᠠᠷᠯᠠᠯ᠎ᠠ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠵᠦ᠂ ᠪᠣᠯᠪᠠᠰᠤᠨ ᠰᠢᠨ᠎ᠡ ᠰᠤᠷᠲᠠᠯ ᠢ ᠪᠤᠢ | ᠪᠣᠯᠭᠠᠬᠤ ᠬᠡᠷᠡᠭᠲᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠮᠤᠬᠤᠷ ᠪᠢᠰᠢᠷᠡᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ ᠬᠦᠷᠴᠦ ᠮᠤᠬᠤᠷ ᠪᠢᠰᠢᠷᠡᠯ ᠤᠨ | ᠠᠵᠢᠯᠯᠠᠭ᠎ᠠ ᠳᠤ ᠣᠷᠣᠯᠴᠠᠬᠤ ᠪᠤᠶᠤ ᠲᠡᠭᠦᠨ ᠢ ᠳᠡᠮᠵᠢᠵᠦ ᠪᠣᠯᠬᠤ ᠦᠭᠡᠢ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠵᠢᠷᠤᠮᠯᠠᠨ᠂ ᠵᠥᠪ ᠶᠢᠷᠲᠢᠨᠴᠦ ᠶᠢᠨ | ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠶᠢ ᠪᠤᠶ ᠪᠣᠯᠭᠠᠵᠤ᠂ ᠹᠧᠣᠳᠠᠯ ᠤᠨ ᠮᠤᠬᠤᠷ ᠪᠢᠰᠢᠷᠡᠯ ᠤᠨ ᠦᠵᠡᠯ ᠰᠠᠨᠠᠭᠠᠨ ᠤ | ᠨᠡᠪᠴᠢᠯᠲᠡ ᠶᠢ ᠥᠪᠡᠷ ᠤᠨ ᠤᠬᠠᠮᠰᠠᠷ ᠠᠴᠠ ᠪᠠᠨ ᠡᠰᠡᠷᠭᠦᠴᠡᠬᠦ ᠬᠡᠷᠡᠭᠲᠡᠢ᠂ ᠲᠣᠭᠲᠠᠭᠠᠯ ᠠᠴᠠ ᠵᠥᠷᠢᠴᠡᠨ ᠮᠤᠬᠤᠷ ᠪᠢᠰᠢᠷᠡᠯ ᠤᠨ ᠠᠵᠢᠯᠯᠠᠭ᠎ᠠ ᠳᠤ ᠣᠷᠣᠯᠴᠠᠪᠠᠯ | ᠳᠣᠩᠭᠤᠳᠬᠤ᠂ ᠴᠢᠩᠭ᠎ᠠ ᠳᠣᠩᠭᠤᠳᠬᠤ᠂ ᠴᠢᠨᠠᠭᠰᠢᠯᠠᠪᠠᠯ ᠨᠠᠮ ᠠᠴᠠ ᠬᠥᠭᠡᠭᠡᠭᠳᠡᠬᠦ ᠵᠡᠷᠭᠡ ᠰᠢᠢᠳᠬᠡᠯ ᠣᠯᠵᠤ ᠮᠡᠳᠡᠨ᠎ᠡ᠃ | 6. ᠬᠠᠮᠲᠤ ᠰᠤᠷᠤᠯᠭᠠᠲᠠᠨ ᠤ ᠴᠤᠭᠯᠠᠭᠠᠨ ᠪᠠ ᠨᠤᠲᠤᠭ ᠨᠢᠭᠡᠲᠡᠳ ᠤᠨ ᠴᠤᠭᠯᠠᠭᠠᠨ ᠵᠡᠷᠭᠡ ᠲᠠᠯᠠᠪᠤᠷ ᠭᠠᠵᠠᠷ ᠲᠤ ᠲᠣᠭᠲᠠᠭᠠᠯ ᠠᠴᠠ ᠵᠦᠷᠢᠴᠡᠨ ᠣᠷᠣᠯᠴᠠᠵᠤ | ᠪᠣᠯᠬᠤ ᠦᠭᠡᠢ | ᠪᠢ ᠮᠠᠨ ᠤ ᠬᠡᠳᠦᠨ ᠨᠤᠲᠤᠭ ᠨᠢᠭᠡᠲᠡᠳ ᠢᠶᠠᠨ ᠵᠣᠬᠢᠶᠠᠨ ᠪᠠᠶᠢᠭᠤᠯᠵᠤ ᠨᠠᠶᠢᠷᠯᠠᠬᠤ ᠪᠠᠷ ᠪᠡᠯᠡᠳᠬᠡᠵᠦ ᠪᠠᠶᠢᠨ᠎ᠠ᠃ | ᠵᠠᠩ ᠭᠤᠸᠠᠢ᠂ ᠲᠡᠭᠡᠵᠦ ᠪᠣᠯᠬᠤ ᠦᠭᠡᠢ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠢᠯᠡᠳᠲᠡ ᠵᠢᠵᠢᠭ ᠪᠦᠯᠬᠦᠮ ᠤᠨ ᠴᠢᠨᠠᠷᠲᠠᠢ ᠠᠵᠢᠯᠯᠠᠭ᠎ᠠ ᠳᠤ | ᠣᠷᠣᠯᠴᠠᠬᠤ ᠠᠴᠠ ᠥᠪᠡᠷ ᠤᠨ ᠤᠬᠠᠮᠰᠠᠷ ᠠᠴᠠ ᠪᠠᠨ ᠵᠠᠶᠢᠯᠠᠰᠬᠢᠬᠦ ᠬᠡᠷᠡᠭᠲᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠬᠠᠮᠲᠤ ᠰᠤᠷᠤᠯᠭᠠᠲᠠᠨ ᠤ ᠴᠤᠭᠯᠠᠭᠠᠨ ᠨᠤᠲᠤᠭ ᠨᠢᠭᠡᠲᠡᠳ ᠤᠨ ᠴᠤᠭᠯᠠᠭᠠᠨ ᠵᠡᠷᠭᠡ ᠨᠡᠷ᠎ᠡ ᠪᠠᠷ ᠡᠷᠭᠢᠯᠡᠭᠰᠡᠨ | ᠵᠢᠵᠢᠭ ᠪᠦᠯᠬᠦᠮ ᠤᠨ ᠴᠢᠨᠠᠷᠲᠠᠢ ᠠᠵᠢᠯᠯᠠᠭ᠎ᠠ ᠠᠴᠠ ᠥᠪᠡᠷ ᠤᠨ ᠤᠬᠠᠮᠰᠠᠷ ᠠᠴᠠ ᠪᠠᠨ ᠵᠠᠶᠢᠯᠠᠬᠤ ᠬᠡᠷᠡᠭᠲᠡᠢ᠂ ᠠᠶᠠᠨᠳᠠᠭᠠᠨ ᠪᠠᠶᠢᠭᠤᠯᠤᠭᠳᠠᠭᠰᠠᠨ ᠨᠤᠲᠤᠭ | ᠨᠢᠭᠡᠲᠡᠳ ᠤᠨ ᠴᠤᠭᠯᠠᠭᠠᠨ᠂ ᠰᠤᠷᠭᠠᠭᠤᠯᠢ ᠶᠢᠨ ᠬᠠᠨᠢᠲᠠᠳ ᠤᠨ ᠴᠤᠭᠯᠠᠭᠠᠨ᠂ ᠳᠠᠶᠢᠴᠢᠨ ᠨᠥᠬᠦᠳ ᠤᠨ ᠴᠤᠭᠯᠠᠭᠠᠨ ᠵᠡᠷᠭᠡ ᠶᠢ ᠬᠤᠯᠪᠣᠭᠳᠠᠯ ᠪᠦᠬᠦᠢ | ᠲᠣᠭᠲᠠᠭᠠᠯ ᠠᠴᠠ ᠵᠥᠷᠢᠴᠡᠨ ᠵᠣᠬᠢᠶᠠᠨ ᠪᠠᠶᠢᠭᠤᠯᠵᠤ ᠣᠷᠣᠯᠴᠠᠭᠰᠠᠨ ᠳᠤ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠳᠣᠩᠭᠤᠳᠬᠤ᠂ ᠴᠢᠩᠭ᠎ᠠ | ᠳᠣᠩᠭᠤᠳᠬᠤ ᠪᠤᠶᠤ ᠨᠠᠮ ᠤᠨ ᠳᠣᠲᠣᠭᠠᠳᠤ ᠳᠠᠬᠢ ᠲᠤᠰᠢᠶᠠᠯ ᠠᠴᠠ ᠨᠢ ᠤᠭᠴᠠᠷᠠᠭᠤᠯᠬᠤ ᠰᠢᠢᠳᠬᠡᠯ ᠥᠭᠭᠦᠨ᠎ᠡ᠃ | 7. ᠵᠣᠭᠤᠰ ᠮᠦᠷᠦᠶᠢᠴᠡᠬᠦ ᠲᠠᠯᠠᠪᠤᠷ ᠭᠠᠵᠠᠷ ᠲᠤ ᠣᠴᠢᠵᠤ ᠪᠣᠯᠬᠤ ᠦᠭᠡᠢ | ᠠᠬ᠎ᠠ᠂ ᠥᠴᠥᠭᠡᠳᠦᠷ ᠣᠷᠣᠢ ᠪᠢ ᠬᠥᠵᠥᠷ ᠲᠣᠭᠯᠠᠭᠠᠳ ᠨᠡᠯᠢᠶᠡᠳ ᠵᠣᠭᠤᠰ ᠬᠤᠨᠵᠢᠵᠠᠢ᠂ ᠥᠨᠥ ᠣᠷᠣᠢ ᠲᠠᠨ ᠢ ᠳᠠᠭᠠᠭᠤᠯᠵᠤ ᠶᠡᠭᠡ ᠮᠥᠩᠭᠦ | ᠬᠤᠨᠵᠢᠬᠤ ᠪᠠᠷ ᠶᠠᠪᠤᠶ᠎ᠠ᠃ | ᠲᠡᠭᠡᠵᠦ ᠪᠣᠯᠬᠤ ᠦᠭᠡᠢ᠂ ᠵᠣᠭᠤᠰ ᠮᠦᠷᠦᠶᠢᠴᠡᠬᠦ ᠪᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠪᠣᠯᠣᠨ᠎ᠠ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ | ᠬᠤᠪᠢ ᠳᠤ ᠡᠷᠡᠰ ᠡᠰᠡᠷᠭᠦᠴᠡᠬᠦ ᠬᠡᠷᠡᠭᠲᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠶᠠᠮᠠᠷᠪᠠ ᠬᠡᠯᠪᠡᠷᠢ ᠶᠢᠨ ᠵᠣᠭᠤᠰ ᠮᠦᠷᠦᠶᠢᠴᠡᠬᠦ ᠠᠵᠢᠯᠯᠠᠭ᠎ᠠ ᠶᠢ ᠴᠦᠮ ᠡᠷᠡᠰ ᠡᠰᠡᠷᠭᠦᠴᠡᠵᠦ᠂ ᠨᠠᠮ ᠤᠨ | ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠠᠯᠪᠠᠨ ᠲᠤᠰᠢᠶᠠᠯᠲᠠᠨ ᠤ ᠳᠦᠷᠢ ᠲᠥᠷᠬᠦ ᠪᠠᠨ ᠰᠠᠶᠢᠲᠤᠷ | ᠬᠠᠮᠠᠭᠠᠯᠠᠬᠤ ᠬᠡᠷᠡᠭᠲᠡᠢ᠃ ᠵᠣᠭᠤᠰ ᠮᠦᠷᠦᠶᠢᠴᠡᠬᠦ ᠨᠢ ᠬᠠᠤᠯᠢ ᠶᠢ ᠵᠥᠷᠢᠴᠡᠵᠦ ᠪᠠᠶᠢᠭ᠎ᠠ ᠶᠠᠪᠤᠳᠠᠯ᠂ ᠮᠦᠷᠦᠶᠢᠴᠡᠬᠦ ᠵᠣᠭᠤᠰ ᠤᠨ ᠲᠤᠭ᠎ᠠ ᠨᠢ ᠨᠡᠯᠢᠶᠡᠳ ᠬᠡᠮᠵᠢᠶᠡᠨ ᠳᠤ | ᠬᠦᠷᠪᠡᠯ ᠡᠷᠡᠭᠦᠦ ᠶᠢᠨ ᠬᠠᠤᠯᠢ ᠳᠤ ᠬᠠᠯᠳᠠᠭᠰᠠᠨ ᠬᠡᠷᠡᠭ ᠪᠣᠯᠣᠨ᠎ᠠ᠃ | 8. ᠪᠤᠰᠤᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠲᠠᠯᠠᠪᠤᠷ ᠭᠠᠵᠠᠷ ᠲᠤ ᠣᠴᠢᠵᠤ ᠪᠣᠯᠬᠤ ᠦᠭᠡᠢ | ᠤᠳᠤᠷᠢᠳᠤᠯᠭ᠎ᠠ ᠡ᠂ ᠮᠠᠨ ᠤ ᠺᠣᠮᠫᠠᠨᠢ ᠰᠢᠨ᠎ᠡ ᠦᠢᠯᠡᠳᠬᠦᠨ ᠢᠶᠠᠨ ᠨᠡᠶᠢᠲᠡᠯᠡᠬᠦ ᠪᠠᠷ ᠲᠥᠯᠥᠪᠯᠡᠵᠦ ᠪᠠᠶᠢᠨ᠎ᠠ᠂ ᠲᠠ ᠮᠠᠨ ᠤ ᠨᠡᠶᠢᠲᠡᠯᠡᠬᠦ ᠬᠤᠷᠠᠯ ᠤᠨ | ᠲᠠᠪᠴᠠᠩ ᠳᠤ ᠣᠷᠣᠯᠴᠠᠵᠤ ᠦᠢᠯᠡᠳᠬᠦᠨ ᠢ ᠲᠠᠨᠢᠯᠴᠠᠭᠤᠯᠤᠭᠠᠳ ᠥᠭᠭᠦᠭᠡᠴᠢ᠂ ᠲᠡᠭᠡᠭᠡᠳ ᠲᠠᠨ ᠳᠤ ᠣᠷᠣᠯᠴᠠᠭᠰᠠᠨ ᠬᠠᠷᠠᠮᠵᠢ ᠥᠭᠭᠦᠶ᠎ᠡ᠃ | ᠪᠢᠳᠡᠨ ᠳᠤ ᠲᠣᠭᠲᠠᠭᠠᠭᠰᠠᠨ ᠲᠣᠭᠲᠠᠭᠠᠯ ᠢᠶᠠᠷ ᠪᠣᠯ᠂ ᠨᠠᠮ ᠤᠨ ᠭᠡᠰᠢᠭᠦᠨ ᠺᠠᠳ᠋ᠷᠴᠤᠳ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ︽ᠳᠡᠮᠵᠢᠬᠦ︾ ᠪᠤᠶᠤ ᠲᠡᠳᠡᠨ ᠢ ︽ᠣᠷᠣᠯᠠᠨ ᠥᠭᠦᠯᠡᠵᠦ︾ | ᠪᠣᠯᠬᠤ ᠦᠭᠡᠢ᠃ | ᠰᠠᠨᠠᠭᠤᠯᠤᠮᠵᠢ᠄ ᠨᠠᠮ ᠤᠨ ᠭᠡᠰᠢᠭᠦᠨ ᠺᠠᠳ᠋ᠷᠴᠤᠳ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠡᠯᠳᠡᠪ ᠵᠦᠢᠯ ᠤᠨ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠂ ᠲᠠᠷᠢᠬᠢ ᠲᠣᠯᠣᠭᠠᠢ ᠪᠠᠨ ᠡᠷᠬᠡᠪᠰᠢ ᠴᠠᠭ ᠢᠮᠠᠭᠲᠠ ᠰᠡᠷᠭᠡᠭ ᠪᠠᠶᠢᠯᠭᠠᠵᠤ᠂ ᠦᠳᠦᠭᠡᠨ ᠲᠠᠲᠠᠬᠤ ᠶᠢ ᠲᠡᠪᠴᠢᠵᠦ᠂ | ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠰᠠᠬᠢᠬᠤ ᠬᠡᠷᠡᠭᠲᠡᠢ᠃ |