ᠰᠢᠨᠬᠤᠸᠠ ᠬᠤᠷᠢᠶᠠᠨ ᠤ ᠨᠠᠨᠵᠢᠩ ᠤᠨ 6 ᠳ᠋ᠤᠭᠠᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ | ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠵᠢᠶᠠᠩᠰᠤ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ᠂ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠢᠯ ᠬᠢᠵᠦ | ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤ ᠴᠢᠨᠠᠷ | ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃ | ᠯᠢ ᠴᠢᠶᠠᠩ ᠰᠢᠦ᠋ᠢᠵᠸᠦ ᠬᠤᠳᠠ᠂ ᠨᠠᠨᠵᠢᠩ ᠬᠤᠳᠠ ᠳᠤ ᠤᠷᠢᠳ ᠬᠤᠵᠢᠳ ᠬᠦᠷᠴᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠢᠨᠵᠧᠨᠧᠷᠢᠩ ᠤᠨ ᠲᠤᠬᠠᠢ ᠶᠢᠨ ᠲᠠᠯᠠᠪᠠᠢ᠂ ᠠᠷᠠᠯᠵᠢᠶᠠᠨ ᠤ ᠬᠠᠮᠲᠤᠷᠠᠯᠴᠠᠭᠠᠨ ᠤ ᠲᠠᠪᠴᠠᠩ ᠵᠡᠷᠭᠡ ᠳᠤ ᠬᠦᠷᠴᠦ᠂ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠢ ᠭᠦᠨᠵᠡᠭᠡᠢ ᠣᠶᠢᠯᠠᠭᠠᠪᠠ᠃ ᠵᠢᠶᠠᠩᠰᠤ ᠶᠢᠨ ᠬᠤᠢ ᡁᠢ ᠳᠡᠭᠡᠳᠦ ᠲᠡᠰ ᠤᠨ ᠢᠨᠵᠧᠨᠧᠷᠢᠩ ᠤᠨ ᠮᠠᠰᠢᠨ ᠮᠧᠬᠠᠨᠢᠭ ᠤᠨ ᠰᠢᠨ᠎ᠡ | ᠡᠭᠦᠳᠦᠯᠲᠡ ᠶᠢᠨ ᠲᠥᠪ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠲᠤᠷᠰᠢᠯᠲᠠ ᠶᠢᠨ ᠲᠦᠷᠦᠯ ᠵᠦᠢᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠭᠤᠣᠯ ᠰᠡᠯᠪᠢᠭ ᠲᠤᠨᠤᠭ ᠪᠠ ᠦᠢᠯᠡᠳᠬᠦᠨ ᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠬᠤ ᠳᠤ ᠪᠠᠨ᠂ ᠢᠨᠵᠧᠨᠧᠷᠢᠩ ᠤᠨ ᠮᠠᠰᠢᠨ ᠮᠧᠬᠠᠨᠢᠭ ᠤᠨ ᠠᠵᠢᠯ | ᠲᠦᠷᠦᠯ ᠤᠨ ᠳᠡᠭᠡᠳᠦ ᠳᠡᠰᠵᠢᠭᠦᠯᠦᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠶᠢᠵᠢᠭᠦᠯᠦᠭᠰᠡᠨ ᠬᠥᠭᠵᠢᠯᠲᠡ ᠪᠣᠯ ᠶᠡᠭᠡ ᠬᠠᠨᠳᠤᠰᠢ ᠮᠥᠨ᠃ ᠳᠡᠯᠡᠬᠡᠢ ᠶᠢᠨ | ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠵᠣᠬᠢᠶᠠᠮᠠᠯ ᠤᠶᠤᠨ᠂ ᠴᠡᠪᠡᠷ ᠡᠨᠧᠷᠭᠢ ᠵᠡᠷᠭᠡ ᠮᠡᠷᠭᠡᠵᠢᠯ ᠢ ᠢᠳᠡᠪᠬᠢᠲᠡᠢ ᠠᠰᠢᠭᠯᠠᠵᠤ᠂ ᠠᠵᠤ ᠦᠢᠯᠡᠰ ᠤᠨ | ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠲᠦᠷᠦᠯ ᠤᠨ ᠡᠬᠢ ᠪᠠᠶᠠᠯᠢᠭ ᠢ ᠨᠢᠭᠲᠠᠷᠠᠭᠤᠯᠵᠤ᠂ ᠲᠣᠮᠣ ᠳᠤᠮᠳᠠ ᠵᠢᠵᠢᠭ | ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ | ᠬᠠᠷᠢᠯᠴᠠᠨ ᠬᠦᠴᠦᠨ ᠡᠨᠧᠷᠭᠢ ᠣᠯᠭᠤᠬᠤ ᠶᠢ ᠠᠬᠢᠭᠤᠯᠬᠤ ᠬᠡᠷᠡᠭᠲᠡᠢ ᠭᠡᠵᠡᠢ᠃ ᠭᠠᠵᠠᠷ ᠤᠨ ᠭᠦᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠶᠦᠨ ᠯᠦᠩ | ᠬᠤ᠋ ᠨᠠᠭᠤᠷ ᠤᠨ ᠲᠤᠷᠰᠢᠯᠲᠠ ᠶᠢᠨ ᠲᠠᠰᠤᠭ ᠲᠤ ᠬᠦᠷᠴᠦ᠂ ᠯᠢ ᠴᠢᠶᠠᠩ ᠬᠤᠯᠪᠣᠭᠳᠠᠯ ᠪᠦᠬᠦᠢ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ | ᠠᠬᠢᠴᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠤᠯᠠᠨ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠬᠡᠷᠡᠭᠴᠡᠭᠡ ᠶᠢ ᠪᠦᠲᠦᠮᠵᠢᠲᠡᠢ ᠤᠶᠠᠯᠳᠤᠭᠤᠯᠵᠤ᠂ ᠴᠢᠬᠤᠯᠠ ᠶᠡᠭᠡ ᠠᠩᠬᠠᠨ ᠤ ᠰᠢᠨ᠎ᠡ ᠡᠭᠦᠳᠦᠯᠲᠡ ᠪᠠ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ | ᠠᠵᠤ ᠦᠢᠯᠡᠰᠵᠢᠯᠲᠡ ᠪᠠᠷ ᠨᠤᠲᠤᠭᠰᠢᠭᠤᠯᠬᠤ ᠨᠠᠶᠢᠳᠠᠪᠤᠷᠢᠵᠢᠭᠤᠯᠤᠯᠲᠠ ᠪᠠ ᠵᠠᠬ᠎ᠠ ᠳᠡᠯᠭᠡᠭᠦᠷ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠬᠦ ᠶᠢ ᠬᠦᠰᠡᠪᠡ᠃ | ᠨᠠᠨᠵᠢᠩ ᠤᠨ ᠠᠲ᠋ᠣᠮ ᠤᠨ ᠦᠢᠯᠡᠳᠬᠡᠯ ᠤᠨ ᠰᠤᠳᠤᠯᠭᠠᠨ ᠤ ᠭᠠᠵᠠᠷ ᠲᠤ᠂ ᠯᠢ ᠴᠢᠶᠠᠩ ᠠᠲ᠋ᠣᠮ ᠤᠨ ᠲᠡᠰ ᠤᠨ ᠦᠢᠯᠡᠳᠬᠦ ᠮᠡᠷᠭᠡᠵᠢᠯ ᠤᠨ ᠬᠥᠭᠵᠢᠯᠲᠡ ᠵᠡᠷᠭᠡ | ᠪᠠᠶᠢᠳᠠᠯ ᠤᠳ ᠢ ᠣᠶᠢᠯᠠᠭᠠᠵᠤ᠂ ᠳᠡᠳᠡᠨ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢᠶᠠᠨ ᠲᠣᠭᠲᠠᠭᠠᠵᠤ᠂ ᠪᠠᠷᠠᠯᠠᠯ ᠴᠢᠨᠠᠷᠲᠠᠢ ᠪᠠᠶᠢᠷᠢᠰᠢᠭᠤᠯᠤᠯᠲᠠ ᠪᠠᠨ | ᠴᠢᠩᠭᠠᠳᠬᠠᠵᠤ᠂ ᠰᠠᠭᠤᠷᠢ ᠰᠤᠳᠤᠯᠭᠠᠨ ᠢ ᠭᠦᠨᠵᠡᠭᠡᠢ ᠥᠷᠨᠢᠭᠦᠯᠵᠦ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠣᠯᠪᠢᠴᠠᠨ ᠠᠭᠤᠰᠤᠯᠴᠠᠭᠤᠯᠬᠤ ᠰᠢᠨ᠎ᠡ ᠡᠭᠦᠳᠦᠯᠲᠡ | ᠪᠠ ᠨᠡᠭᠡᠭᠡᠯᠲᠡᠲᠤ ᠬᠠᠮᠲᠤᠷᠠᠯᠴᠠᠭ᠎ᠠ ᠪᠠᠨ ᠠᠬᠢᠭᠤᠯᠵᠤ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ ᠤᠨ ᠬᠥᠭᠵᠢᠯᠲᠡ ᠶᠢᠨ | ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠦ ᠵᠣᠷᠢᠭᠵᠢᠭᠤᠯᠪᠠ᠃ | ᠯᠢ ᠴᠢᠶᠠᠩ ᠨᠠᠨᠵᠢᠩ ᠬᠤᠶᠢᠲᠤ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠥᠯᠦᠪᠵᠢᠭᠦᠯᠭᠡ ᠵᠢᠷᠤᠭᠯᠠᠯ᠂ ᠪᠠᠷᠢᠯᠭ᠎ᠠ ᠶᠢᠨ | ᠠᠵᠢᠯ ᠤᠨ ᠠᠬᠢᠴᠠ ᠶᠢ ᠣᠶᠢᠯᠠᠭᠠᠵᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠢ ᠪᠠᠷᠠᠯᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠨᠠᠷ ᠲᠠᠢ ᠶᠠᠷᠢᠯᠴᠠᠵᠤ᠂ | ᠥᠨᠳᠥᠷ ᠪᠠᠷᠢᠮᠵᠢᠶ᠎ᠠ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠢ | ᠰᠦᠪᠡᠭᠴᠢᠯᠡᠵᠦ᠂ ᠢᠵᠢ ᠪᠦᠷᠢᠳᠦᠭᠰᠡᠨ ᠪᠡᠯᠡᠳᠬᠡᠮᠵᠢ ᠪᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠯᠡᠵᠦ᠂ ᠲᠦᠷᠦᠯ ᠵᠦᠢᠯ ᠤᠨ ᠨᠥᠯᠥᠭᠡᠯᠡᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠴᠢᠬᠤᠯᠠᠴᠢᠯᠠᠬᠤ ᠳᠤ ᠪᠠᠨ᠂ ᠶᠠᠰᠤ ᠴᠢᠨᠠᠷ ᠨᠢ ᠶᠠᠭᠤᠨ ᠠᠴᠠ ᠴᠤ | ᠴᠢᠬᠤᠯᠠ ᠶᠤᠮ᠂ ᠵᠠᠭᠤᠨ ᠵᠢᠯ ᠤᠨ ᠶᠡᠭᠡ ᠪᠣᠳᠣᠯᠭ᠎ᠠ ᠶᠢᠨ ᠱᠠᠭᠠᠷᠳᠠᠯᠭ᠎ᠠ ᠪᠠᠷ ᠭᠤᠭᠴᠤᠭ᠎ᠠ ᠨᠢᠭᠡ ᠪᠦᠷᠢ ᠶᠢ ᠰᠠᠶᠢᠲᠤᠷ ᠡᠵᠡᠮᠳᠡᠵᠦ᠂ ᠪᠠᠷᠢᠯᠭ᠎ᠠ ᠶᠢᠨ ᠶᠠᠰᠤ ᠴᠢᠨᠠᠷ ᠢ | ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠪᠥᠸᠧ ᠰᠢ ᠭᠡᠷ ᠤᠨ ᠴᠠᠬᠢᠯᠭᠠᠨ ᠬᠡᠷᠡᠭᠰᠡᠯ ︵ᠳᠤᠮᠳᠠᠳᠤ ᠤᠯᠤᠰ︶ ᠤᠨ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠳᠤ ᠬᠦᠷᠴᠦ᠂ ᠯᠢ ᠴᠢᠶᠠᠩ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠪᠠᠶᠢᠳᠠᠯ ᠤᠳ ᠢ | ᠣᠶᠢᠯᠠᠭᠠᠵᠤ᠂ ᠬᠡᠷᠡᠭᠯᠡᠭᠡ ᠶᠢᠨ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠦᠷ᠎ᠡ ᠪᠦᠲᠦᠮᠵᠢ ᠶᠢ ᠨᠢᠮᠪᠠᠢ ᠠᠰᠠᠭᠤᠨ ᠯᠠᠪᠯᠠᠵᠤ᠂ ᠲᠡᠳᠡᠨ ᠢ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠬᠡᠷᠡᠭᠯᠡᠭᠴᠢᠳ ᠤᠨ ᠰᠢᠨ᠎ᠡ ᠬᠡᠷᠡᠭᠴᠡᠭᠡᠨ ᠤ ᠲᠣᠭᠤᠷᠢᠨ ᠳᠤ ᠨᠠᠩ ᠣᠯᠠᠨ ᠴᠢᠨᠠᠷ ᠰᠠᠶᠢᠲᠠᠢ ᠦᠢᠯᠡᠳᠬᠦᠨ | ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢ ᠬᠦᠰᠡᠪᠡ᠃ ᠲᠡᠷᠡ᠂ ᠳᠤᠮᠳᠠᠳᠤ | ᠤᠯᠤᠰ ᠲᠤ ᠬᠡᠪᠴᠢᠶ᠎ᠡ ᠪᠠᠷ ᠯᠤᠲᠤ ᠶᠡᠭᠡ᠂ ᠲᠠᠰᠤᠷᠠᠯᠲᠠ ᠦᠭᠡᠢ ᠦᠰᠦᠨ ᠪᠣᠶᠢᠵᠢᠵᠤ ᠪᠠᠶᠢᠭ᠎ᠠ ᠵᠠᠬ᠎ᠠ ᠳᠡᠯᠭᠡᠭᠦᠷ ᠪᠣᠢ᠂ ᠡᠯ᠎ᠡ ᠤᠯᠤᠰ ᠤᠨ ᠠᠵᠤ ᠠᠬᠤᠶᠢᠯᠠᠯ | ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ | ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠲᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠭᠦᠨᠵᠡᠭᠡᠶᠢᠷᠡᠨ | ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠦᠶ᠎ᠡ ᠭᠡᠵᠦ ᠬᠡᠯᠡᠪᠡ᠃ | ᠵᠢᠶᠠᠩᠰᠤ ᠳᠠᠬᠢ ᠳᠤᠮᠳᠠ ᠠᠽᠢᠶ᠎ᠠ ᠶᠢᠨ ᠲᠥᠪ ᠲᠤ ᠬᠦᠷᠴᠦ᠂ ᠯᠢ ᠴᠢᠶᠠᠩ ᠲᠠᠪᠴᠠᠩ ᠤᠨ ᠠᠵᠢᠯᠯᠠᠭᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ | ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠳᠤᠮᠳᠠᠳᠤ ᠤᠯᠤᠰ ᠪᠠ ᠳᠤᠮᠳᠠ ᠠᠽᠢᠶ᠎ᠠ ᠶᠢᠨ ᠤᠯᠤᠰ ᠤᠳ ᠤᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠪᠠᠶᠢᠳᠠᠯ ᠢ ᠨᠢᠮᠪᠠᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠬᠤ ᠳᠤ ᠪᠠᠨ᠂ ᠨᠡᠭᠡᠭᠡᠯᠲᠡ ᠬᠢᠵᠦ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ | ᠬᠦᠷᠲᠡᠵᠦ ᠬᠥᠭᠵᠢᠵᠦ ᠴᠢᠳᠠᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠷᠢᠯᠴᠠᠨ ᠠᠰᠢᠭᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠵᠢᠶᠠᠩᠰᠤ ᠶᠢᠨ ᠠᠵᠤ ᠠᠬᠤᠢ ᠶᠢᠨ ᠰᠠᠭᠤᠷᠢ ᠰᠠᠶᠢᠨ ᠪᠥᠭᠡᠳ ᠪᠣᠳᠠᠲᠤ ᠬᠦᠴᠦᠨ ᠴᠢᠩᠭ᠎ᠠ ᠪᠠᠶᠢᠬᠤ ᠪᠣᠯᠬᠤᠷ | ᠨᠡᠩ ᠥᠨᠳᠥᠷ ᠬᠥᠭᠵᠢᠯᠲᠡ ᠶᠢᠨ ᠱᠠᠭᠠᠷᠳᠠᠯᠭ᠎ᠠ ᠲᠠᠢ ᠶᠤᠮ᠃ ᠵᠢᠶᠠᠩᠰᠤ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠬᠥᠭᠵᠢᠯᠲᠡ ᠶᠢ ᠰᠤᠯᠠᠷᠠᠭᠤᠯᠤᠯ ᠦᠭᠡᠢ | ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠲᠡᠮᠡᠴᠡᠵᠦ᠂ ᠠᠵᠤ ᠠᠬᠤᠢ ᠶᠢᠨ ᠬᠥᠭᠵᠢᠯᠲᠡ ᠪᠠᠷ ᠲᠣᠮᠣ | ᠮᠤᠵᠢ ᠶᠢᠨ ᠭᠤᠣᠯ ᠲᠤᠯᠭᠠᠭᠤᠷᠢ ᠪᠣᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ | ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃ | | |