ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠶᠢᠯᠠᠭᠠᠭᠰᠠᠨ ᠢᠶᠠᠷ᠄ ᠣᠶᠢᠷ᠎ᠠ ᠳᠤ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠨᠢ ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠳᠤ ᠪᠠᠭᠤᠯᠭᠠᠭᠰᠠᠨ 2025 ᠣᠨ ᠤ ᠬᠤᠶᠠᠳᠤᠭᠠᠷ ᠪᠦᠯᠦᠭ ᠤᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠣᠯᠳᠠᠯᠭ᠎ᠠ ᠪᠣᠯᠬᠤ ᠲᠥᠷᠥᠯ ᠵᠦᠢᠯ ᠤᠨ 11.609 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠴᠥᠮ ᠣᠷᠣᠨ ᠤ ᠱᠠᠲᠤᠨ ᠤ ᠬᠠᠮᠢᠶ᠎ᠠ ᠪᠦᠬᠦᠢ ᠨᠢᠭᠡᠴᠢ ᠬᠢᠭᠡᠳ ᠪᠤᠭᠤᠲᠤ ᠬᠤᠲᠠ᠂ ᠬᠥᠯᠥᠨ ᠪᠤᠶᠢᠷ ᠬᠤᠲᠠ ᠵᠡᠷᠭᠡ 5 ᠠᠶᠢᠮᠠᠭ ᠬᠤᠲᠠ ᠳᠤ ᠪᠠᠭᠤᠯᠭᠠᠭᠠᠳ᠂ | ᠤᠯᠤᠰ ᠤᠨ ᠡᠩ ᠤᠨ ᠵᠠᠮ᠂ ᠨᠤᠷᠠᠬᠤ ᠠᠶᠤᠯᠲᠠᠢ ᠬᠠᠭᠤᠴᠢᠨ ᠬᠥᠭᠦᠷᠭᠡ ︵ᠥᠭᠡᠷᠡᠴᠢᠯᠡᠬᠦ ᠵᠠᠰᠠᠬᠤ︶ ᠵᠡᠷᠭᠡ ᠬᠦᠷᠢᠶᠡᠨ ᠳᠠᠬᠢ ᠵᠠᠰᠠᠮᠠᠯ ᠵᠠᠮ ᠤᠨ ᠭᠤᠣᠯᠳᠠᠯᠭ᠎ᠠ | ᠪᠣᠯᠬᠤ 12 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠭᠦᠯᠬᠦ ᠪᠠᠷ ᠪᠠᠶᠢᠨ᠎ᠠ᠃ | ᠳᠡᠭᠡᠷ᠎ᠡ ᠳᠤᠷᠠᠳᠤᠭᠰᠠᠨ ᠪᠡᠯᠡ ᠮᠥᠩᠭᠦ ᠪᠠᠷ ᠳᠡᠮᠵᠢᠵᠦ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠲᠥᠷᠥᠯ ᠵᠦᠢᠯ ᠨᠢ | ᠪᠣᠯ ᠥᠪᠡᠷᠲᠡᠭᠡᠨ ᠵᠠᠰᠠᠬᠤ ᠣᠷᠣᠨ ᠤ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠢᠬᠤᠯᠠ | ᠲᠤᠯᠭᠠᠭᠤᠷᠢᠯᠠᠬᠤ ᠦᠢᠯᠡᠳᠦᠯ ᠲᠠᠢ ᠶᠤᠮ᠃ 2025 ᠣᠨ ᠠᠴᠠ ᠨᠠᠭᠠᠰᠢ᠂ ᠥᠪᠥᠷ ᠮᠣᠩᠭᠤᠯ ᠨᠢᠭᠡᠨᠲᠡ ᠲᠥᠪ ᠤᠨ ᠡᠳ᠋ ᠤᠨ ᠵᠠᠰᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠡᠯᠡ ᠮᠥᠩᠭᠦ ᠶᠢ 57.69 ᠳ᠋ᠦᠩᠰᠢᠭᠤᠷ ᠲᠥᠭᠦᠷᠢᠭ ᠣᠯᠵᠤ᠂ ᠨᠢᠳᠤᠨᠤᠨ ᠤ ᠪᠥᠬᠦ | ᠵᠢᠯ ᠤᠨ ᠬᠢ ᠲᠠᠢ ᠬᠠᠷᠢᠴᠠᠭᠤᠯᠪᠠᠯ 24.39 ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠭᠦᠨ ᠤ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠤᠨ ᠢᠵᠢ ᠪᠦᠷᠢᠳᠦᠭᠦᠯᠬᠦ 20 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠡᠮᠡᠪᠡᠯ᠂ ᠨᠡᠶᠢᠲᠡ 77.69 ᠳ᠋ᠦᠩᠰᠢᠭᠤᠷ ᠲᠥᠭᠦᠷᠢᠭ ᠪᠠᠶᠢᠵᠤ᠂ | 2025 ᠣᠨ ᠤ ᠪᠥᠬᠦ ᠣᠷᠣᠨ ᠤ ᠵᠠᠰᠠᠮᠠᠯ ᠵᠠᠮ ᠤᠨ ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠳᠤ ᠴᠢᠬᠤᠯᠠ ᠪᠡᠯᠡ | ᠮᠥᠩᠭᠦ ᠶᠢᠨ ᠪᠠᠲᠤᠯᠠᠭ᠎ᠠ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠲᠥᠷᠥᠯ ᠵᠦᠢᠯ ᠤᠨ ᠪᠡᠯᠡ | ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠠᠵᠢᠯ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ ᠲᠦᠪᠰᠢᠨ᠂ ᠥᠨᠳᠥᠷ | ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠯᠲᠡ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠵᠠᠰᠠᠮᠠᠯ ᠵᠠᠮ ᠤᠨ ᠭᠤᠣᠯᠳᠠᠯᠭ᠎ᠠ ᠪᠣᠯᠬᠤ ᠲᠥᠷᠥᠯ ᠵᠦᠢᠯ ᠤᠨ ᠴᠢᠨᠠᠷ | ᠰᠠᠶᠢᠲᠠᠢ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠪᠣᠯᠣᠨ᠎ᠠ᠃ |