ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/19
      ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠠᠭᠰᠢ ᠶᠢᠨ ᠡᠩᠨᠡᠭᠡᠨ ᠤ ᠪᠠᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠳᠠᠷᠤᠭ᠎ᠠ ᠵᠢᠴᠢ ᠬᠤᠪᠢᠳᠠᠨ ᠬᠠᠮᠢᠶᠠᠷᠴᠤ ᠪᠠᠢᠭ᠎ᠠ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢ ᠬᠠᠯᠠᠮᠵᠢᠯᠠᠨ ᠬᠠᠶᠢᠷᠠᠯᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ︾ ︵ᠰᠠᠨᠠᠯ ᠬᠤᠷᠢᠶᠠᠬᠤ ᠨᠣᠤᠷᠠᠭ︶ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠬᠤᠭᠤᠴᠠᠭᠠᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠳᠡᠭᠡᠳᠦ ᠲᠠᠰ ᠤᠨ ᠴᠢᠳᠠᠪᠤᠷᠢᠲᠠᠨ᠂ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠬᠡᠷᠡᠭᠵᠢᠭᠦᠯᠬᠦ ᠲᠥᠰᠦᠯ ︵2026 - 2030 ᠣᠨ︶︾ ︵ᠰᠠᠨᠠᠯ ᠬᠤᠷᠢᠶᠠᠬᠤ ᠨᠣᠤᠷᠠᠭ︶ ᠤᠨ ᠲᠣᠭᠤᠷᠢᠨ ᠳᠤ ᠭᠦᠨᠵᠡᠭᠡᠶ ᠶᠠᠷᠢᠯᠴᠠᠪᠠ᠃ ᠡᠯ᠎ᠡ ᠰᠤᠷᠭᠠᠭᠤᠯᠢ ᠶᠢᠨ ᠲᠥᠯᠥᠭᠡᠯᠡᠭᠴᠢ ᠢᠳᠡᠪᠬᠢᠲᠡᠶ ᠶᠠᠷᠢᠶ᠎ᠠ ᠲᠠᠯᠪᠢᠵᠤ᠂ ᠲᠣᠰ ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠯ ᠬᠤᠷᠢᠶᠠᠬᠤ ᠡᠬᠡ ᠪᠢᠴᠢᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠃       ᠳᠠᠷᠠᠭ᠎ᠠ ᠨᠢ ᠡᠯ᠎ᠡ ᠳᠤᠮᠳᠠᠳᠤ ᠪᠠᠭ᠎ᠠ ᠰᠤᠷᠭᠠᠭᠤᠯᠢ ᠲᠣᠰ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠰᠢᠨ᠎ᠡ ᠨᠢᠭᠡᠳᠦᠭᠡᠷ ᠣᠨ ᠳᠤ ᠪᠠᠭᠰᠢ ᠲᠣᠬᠢᠷᠠᠭᠤᠯᠬᠤ ᠪᠠ ᠪᠠᠭᠰᠢ ᠶᠢ ᠬᠡᠮᠵᠢᠶᠡᠵᠢᠭᠦᠯᠦᠨ ᠰᠢᠯᠭᠠᠨ ᠬᠢᠨᠠᠬᠤ ᠶᠢ ᠬᠡᠷᠡᠭᠵᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ ᠬᠠᠷᠢᠭᠤ ᠮᠡᠳᠡᠭᠦᠯᠦᠯᠲᠡ ᠬᠢᠪᠠ᠃       ᠬᠤᠷᠠᠯ ᠠᠴᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠮᠥᠨ᠂ ᠬᠤᠰᠢᠭᠤᠨ ᠤ ᠰᠤᠷᠭᠠᠨ ᠬᠥᠮᠦᠵᠢᠯ ᠤᠨ ᠢᠷᠡᠭᠡᠳᠦᠶ ᠲᠠᠢ ᠬᠤᠯᠪᠣᠭᠳᠠᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠪᠠᠭᠰᠢ ᠶᠢ ᠬᠠᠯᠠᠮᠵᠢᠯᠠᠨ ᠬᠠᠶᠢᠷᠠᠯᠠᠬᠤ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠠᠭᠰᠢ ᠶᠢ ᠰᠠᠨᠠᠭ᠎ᠠ ᠠᠮᠤᠷ ᠠᠵᠢᠯᠯᠠᠭᠤᠯᠬᠤ ᠬᠡᠷᠡᠭᠲᠡᠶ︔ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠳᠤ ᠣᠨᠣᠪᠴᠢᠲᠠᠢ ᠬᠦᠴᠦᠯᠡᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠬᠤ ᠬᠡᠷᠡᠭᠲᠡᠶ︔ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠬᠢᠨᠠᠨ ᠰᠢᠯᠭᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠪᠠᠭᠰᠢ ᠨᠠᠷ ᠤᠨ ᠠᠵᠢᠯ ᠤᠨ ᠢᠳᠡᠪᠬᠢᠵᠢᠯ ᠢ ᠬᠥᠭᠵᠢᠭᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠶ‌‍ᠭᠡᠵᠦ ᠴᠢᠬᠤᠯᠠᠴᠢᠯᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ