ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/19
      ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢᠶᠠᠨ ᠤᠯᠠᠮ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠪᠤᠶᠠᠨ ᠬᠡᠰᠢᠭ ᠢ ᠬᠠᠮᠠᠭᠠᠯᠠᠬᠤ︾ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠬᠤᠷᠠᠯ ᠠᠴᠠ᠂ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾᠂ ︽ᠬᠥᠯᠥᠨ ᠪᠤᠶᠢᠷ ᠬᠤᠳᠠ ᠶᠢᠨ ︿ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠤᠬᠠᠢ ᠲᠣᠭᠲᠠᠭᠠᠯ ᠤᠳ︾ ᠵᠡᠷᠭᠡ ᠠᠭᠤᠯᠭ᠎ᠠ ᠶᠢ ᠲᠥᠪᠯᠡᠷᠡᠩᠭᠦᠢ ᠰᠤᠷᠤᠯᠴᠠᠪᠠ᠃ ᠡᠭᠦᠨ ᠤ ᠬᠠᠮᠲᠤ ᠨᠡᠶᠢᠲᠡᠯᠢᠭ ᠠᠳᠡᠯ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠨ᠂ ᠠᠳᠡᠯ ᠭᠠᠷᠤᠭᠰᠠᠨ ᠰᠢᠯᠲᠠᠭᠠᠨ ᠪᠠ ᠰᠤᠷᠭᠠᠮᠵᠢ ᠶᠢ ᠭᠦᠨᠵᠡᠭᠡᠶ ᠵᠠᠳᠠᠯᠵᠤ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠲᠤ ᠠᠶᠤᠯᠭᠦᠶ ᠦᠢᠯᠡᠳᠪᠦᠷᠢᠯᠡᠯ ᠤᠨ ᠰᠡᠷᠡᠮᠵᠢ ᠶᠢᠨ ᠳᠣᠬᠢᠶ᠎ᠠ ᠥᠭᠪᠡ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ᠂ ᠲᠡᠷᠡ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠪᠠᠶᠢᠭᠤᠯᠭ᠎ᠠ ᠨᠢᠭᠡᠴᠡ ᠶᠢᠨ ᠲᠣᠭᠲᠠᠭᠤᠨ ᠪᠠ ᠬᠥᠭᠵᠢᠯᠲᠡ ᠲᠠᠢ ᠬᠤᠯᠪᠣᠭᠳᠠᠵᠤ᠂ ᠪᠦᠬᠦ ᠬᠥᠮᠦᠰ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠠᠵᠢᠯ ᠤᠨ ᠡᠯ᠎ᠡ ᠭᠤᠭᠴᠤᠭ᠎ᠠ ᠳᠤ ᠲᠤᠤᠱᠯᠠᠭᠤᠯᠬᠤ ᠬᠡᠷᠡᠭᠲᠡᠢ᠃ ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾᠂ ︽ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠪᠠᠶᠢᠷᠢᠨ ᠳᠠᠬᠢ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠤᠨ᠂ ᠬᠥᠮᠦᠨ ᠪᠣᠯᠭᠠᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠥᠮᠦᠰ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠲᠤᠰᠬᠠᠶ ᠬᠥᠮᠦᠨ ᠲᠣᠬᠢᠷᠠᠭᠤᠯᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠡᠭᠡᠯᠵᠢ ᠪᠠ ᠤᠳᠤᠷᠢᠳᠬᠤ ᠺᠠᠳ᠋ᠷ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠭᠡᠨᠡᠳᠲᠡ ᠶᠢᠨ ᠬᠡᠷᠡᠭ ᠡᠭᠦᠰᠪᠡᠯ᠂ ᠦᠳᠲᠡᠷ ᠲᠦᠷᠭᠡᠨ ᠬᠦᠳᠡᠯᠦᠯᠴᠡᠵᠦ᠂ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠥᠬᠦ ᠺᠠᠳ᠋ᠷ ᠠᠵᠢᠯᠲᠠᠳ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠠᠭᠠᠴᠢ ᠶᠢᠨ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠠᠷᠠᠭᠠᠴᠢ ᠶᠢᠨ ᠠᠯᠬᠤᠮ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠦᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ