ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠶᠢ ᠴᠠᠭᠠᠵᠠᠯᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2025/6/2
      ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠲᠠ ᠪᠠᠯᠭᠠᠰᠤ ᠶᠢᠨ ᠴᠢᠨᠠᠷ ᠳᠡᠰ ᠢ ᠳᠡᠭᠡᠭᠰᠢᠯᠡᠭᠦᠯᠬᠦ ᠶᠢᠨ ᠲᠥᠯᠥᠭᠡ᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠣᠭᠲᠠᠭᠠᠭᠰᠠᠨ ᠬᠡᠪᠴᠢᠶ᠎ᠡ      ᠲᠣᠰ ᠠᠯᠪᠠᠨ ᠵᠠᠷᠯᠠᠯ ᠳᠤ ᠵᠢᠭᠠᠵᠤ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠨᠢ ᠪᠦᠲᠦᠭᠡᠨ ᠪᠠᠶᠢᠭᠤᠯᠤᠯᠲᠠ ᠬᠢᠬᠦ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢᠨ ᠡᠯ᠎ᠡ ᠲᠥᠷᠥᠯ ᠤᠨ ᠪᠠᠷᠢᠯᠭ᠎ᠠ ᠶᠢᠨ ᠡᠳ᠋ ᠪᠣᠳᠠᠰ᠂ ᠬᠤᠭᠤᠯᠠᠶ ᠲᠣᠤᠷ ᠵᠢᠴᠢ ᠰᠠᠭᠤᠭᠠᠯᠢ ᠠᠷᠠᠳ ᠤᠨ ᠭᠡᠷ ᠪᠠᠶᠢᠰᠢᠩ ᠢᠶᠠᠨ ᠵᠠᠰᠠᠨ ᠴᠢᠮᠡᠭᠯᠡᠬᠦ ᠶᠠᠪᠤᠴᠠ ᠳᠤ ᠪᠤᠢ ᠪᠣᠯᠤᠭᠰᠠᠨ ᠪᠠᠷᠢᠯᠭ᠎ᠠ ᠶᠢᠨ ᠬᠠᠶᠠᠭᠳᠠᠮᠠᠯ ᠰᠢᠷᠣᠶ᠂ ᠬᠠᠶᠠᠭᠳᠠᠮᠠᠯ ᠡᠳ᠋ ᠪᠣᠳᠠᠰ ᠵᠢᠴᠢ ᠪᠤᠰᠤᠳ ᠬᠠᠶᠠᠭᠳᠠᠮᠠᠯ ᠵᠦᠢᠯ ᠢ ᠵᠢᠭᠠᠵᠤ ᠪᠤᠶ᠃      ᠬᠤᠶᠠᠷ᠂ ᠰᠢᠢᠳᠪᠦᠷᠢᠯᠡᠬᠦ ᠱᠠᠭᠠᠷᠳᠠᠯᠭ᠎ᠠ      ᠠᠯᠳ᠋ᠬᠠᠮᠡᠭᠡᠯ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠣᠷᠣᠨ ᠪᠦᠰᠡ ᠳᠤ ᠡᠭᠦᠰᠦᠭᠰᠡᠨ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠪᠤᠶᠤ ᠣᠪᠣᠭᠠᠯᠠᠵᠤ ᠲᠠᠯᠪᠢᠬᠤ ᠶᠢ ᠴᠢᠩᠭ᠎ᠠ ᠴᠠᠭᠠᠵᠠᠯᠠᠵᠤ᠂ ᠡᠷᠬᠡᠪᠰᠢ ᠴᠠᠭ ᠲᠤᠬᠠᠢ ᠳᠤᠨᠢ ᠲᠣᠭᠲᠠᠭᠰᠠᠨ ᠪᠠᠷᠢᠯᠭ᠎ᠠ ᠶᠢᠨ ᠬᠤᠭ ᠨᠣᠪᠰᠢ ᠣᠪᠣᠭᠠᠯᠠᠬᠤ ᠲᠠᠯᠠᠪᠠᠶ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠲᠠᠯᠠᠪᠠᠢ ᠪᠤᠶᠤ ᠪᠠᠷᠢᠯᠭ᠎ᠠ ᠶᠢᠨ ᠬᠤᠭ ᠨᠣᠪᠰᠢ ᠶᠢ ᠲᠦᠷ ᠴᠠᠭ ᠣᠪᠣᠭᠠᠯᠠᠬᠤ ᠲᠠᠯᠠᠪᠠᠢ ᠳᠤ ᠲᠡᠭᠡᠭᠡᠪᠦᠷᠢᠯᠡᠨ ᠠᠪᠠᠴᠢᠵᠤ ᠲᠡᠭᠡᠭᠡᠪᠦᠷᠢᠯᠡᠵᠦ ᠰᠢᠢᠳᠪᠦᠷᠢᠯᠡᠬᠦ ᠬᠡᠷᠡᠭᠲᠡᠶ᠃      ᠭᠤᠷᠪᠠ᠂ ᠴᠡᠪᠡᠷᠯᠡᠨ ᠲᠡᠭᠡᠭᠡᠪᠦᠷᠢᠯᠡᠬᠦ ᠵᠢᠷᠤᠮᠵᠢᠯ      ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠠᠵᠤ ᠠᠬᠤᠶᠢᠯᠠᠯ᠂ ᠬᠤᠪᠢ ᠶᠢᠨ ᠪᠠᠷᠢᠯᠭ᠎ᠠ ᠶᠢᠨ ᠠᠩᠭᠢ ᠡᠷᠬᠡᠪᠰᠢ ᠲᠣᠭᠲᠠᠭᠰᠠᠨ ᠵᠠᠮ ᠱᠤᠭᠤᠮ᠂ ᠲᠣᠭᠲᠠᠭᠰᠠᠨ ᠭᠠᠵᠠᠷ ᠲᠤ ᠪᠠᠷᠢᠯᠭ᠎ᠠ ᠶᠢᠨ ᠬᠤᠭ ᠨᠣᠪᠰᠢ ᠪᠠᠨ ᠬᠠᠶᠠᠬᠤ ᠶᠢᠨ ᠬᠠᠮᠲᠤ᠂ ᠴᠡᠪᠡᠷᠯᠡᠨ ᠲᠡᠭᠡᠭᠡᠪᠦᠷᠢᠯᠡᠬᠦ ᠬᠡᠷᠡᠭᠲᠡᠶ᠃ ᠲᠡᠭᠡᠭᠡᠪᠦᠷᠢᠯᠡᠬᠦ ᠶᠠᠪᠤᠴᠠ ᠳᠤ ᠡᠷᠬᠡᠪᠰᠢ ᠨᠢᠭᠲᠠ ᠪᠢᠲᠡᠭᠦᠮᠵᠢᠯᠡᠬᠦ ᠪᠠ ᠳᠠᠷᠤᠵᠤ ᠪᠦᠲᠡᠭᠡᠵᠦ᠂ ᠲᠣᠭᠤᠰᠣ ᠳᠡᠭᠳᠡᠬᠦ ᠠᠴᠠ ᠰᠡᠷᠭᠡᠶᠢᠯᠡᠨ᠂ ᠪᠠᠷᠢᠯᠭ᠎ᠠ ᠶᠢᠨ ᠬᠤᠭ ᠨᠣᠪᠰᠢ ᠶᠢ ᠠᠰᠬᠠᠬᠤ ᠪᠠ ᠬᠠᠶᠠᠬᠤ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠶ᠃      ᠳᠥᠷᠪᠡ᠂ ᠬᠤᠭ ᠨᠣᠪᠰᠢ ᠣᠪᠣᠭᠠᠯᠠᠬᠤ ᠲᠠᠯᠠᠪᠠᠢ ᠶᠢᠨ ᠮᠡᠳᠡᠭᠡ ᠵᠠᠩᠭᠢ       ᠬᠤᠭ ᠨᠣᠪᠰᠢ ᠶᠢ ᠲᠦᠷ ᠣᠪᠣᠭᠠᠯᠠᠬᠤ ᠲᠠᠯᠠᠪᠠᠢ ᠶᠢᠨ ᠬᠠᠶ᠋ᠢᠭ᠄ ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠠᠭᠤᠯᠠ ︵ᠣᠷᠤᠰᠢᠭᠤᠯᠭ᠎ᠠ ᠶᠢᠨ ᠭᠠᠵᠠᠷ ᠤᠨ ᠪᠠᠷᠠᠭᠤᠨ ᠲᠠᠯ᠎ᠠ︶᠃ ᠲᠤᠰ ᠭᠠᠵᠠᠷ ᠲᠤ ᠠᠮᠢᠳᠤᠷᠠᠯ ᠤᠨ ᠬᠤᠭ ᠨᠣᠪᠰᠢ ᠬᠠᠶᠠᠬᠤ ᠶᠢ ᠴᠠᠭᠠᠵᠠᠯᠠᠨ᠎ᠠ᠃      ᠲᠠᠪᠤ᠂ ᠴᠡᠪᠡᠷᠯᠡᠨ ᠲᠡᠭᠡᠭᠡᠪᠦᠷᠢᠯᠡᠬᠦ ᠵᠠᠮ ᠱᠤᠭᠤᠮ      ᠠᠯᠳ᠋ᠬᠠᠮᠡᠭᠡᠯ ᠪᠠᠯᠭᠠᠰᠤ ᠶᠢᠨ ᠪᠠᠷᠠᠭᠤᠨᠳᠠᠬᠢ ᠲᠣᠰᠣ ᠨᠡᠮᠡᠬᠦ ᠥᠷᠲᠡᠭᠡ ᠶᠢᠨ ᠡᠮᠦᠨᠡᠬᠢ ᠤᠤᠯ ᠤᠨ ᠪᠣᠭᠤᠮᠲᠠ ᠶᠢᠨ ᠵᠠᠰᠠᠮᠠᠯ ᠵᠠᠮ ᠪᠣᠯᠤᠨ ᠣᠷᠣᠰᠢᠭᠤᠯᠭ᠎ᠠ ᠶᠢᠨ ᠭᠠᠵᠠᠷ ᠤᠨ ᠵᠠᠰᠠᠮᠠᠯ ᠵᠠᠮ ᠤᠨ ᠠᠭᠤᠯᠵᠠᠷ ᠠᠴᠠ ᠡᠬᠢᠯᠡᠨ᠂ ᠣᠷᠣᠰᠢᠭᠤᠯᠭ᠎ᠠ ᠶᠢᠨ ᠭᠠᠵᠠᠷ ᠤᠨ ᠵᠠᠮ ᠳᠠᠭᠠᠤ 3 ᠺᠢᠯᠤᠮᠧᠲᠷ ᠠᠴᠠ ᠪᠠᠷᠢᠯᠭ᠎ᠠ ᠶᠢᠨ ᠬᠤᠭ ᠨᠣᠪᠰᠢ ᠶᠢ ᠲᠦᠷ ᠣᠪᠣᠭᠠᠯᠠᠬᠤ ᠲᠠᠯᠠᠪᠠᠶ ᠶᠢᠨ ᠢᠯᠡᠷᠬᠡᠶᠢᠯᠡᠯ ᠲᠠᠢ ᠬᠡᠰᠡᠭ ᠲᠤ ᠬᠦᠷᠴᠦ᠂ ᠳᠠᠬᠢᠨ ᠪᠠᠶᠢᠭᠠᠯᠢ ᠶᠢᠨ ᠵᠠᠮ ᠢᠶᠠᠷ 300 ᠮᠧᠲᠷ ᠶᠠᠪᠤᠨ᠎ᠠ᠃      ᠵᠢᠷᠭᠤᠭ᠎ᠠ᠂ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ      ᠶᠠᠮᠠᠷᠪᠠ ᠨᠢᠭᠡᠴᠡ ᠪᠠ ᠬᠤᠪᠢ ᠬᠥᠮᠦᠨ ᠬᠡᠷᠪᠡ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠪᠤᠶᠤ ᠣᠪᠣᠭᠠᠯᠠᠬᠤ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠠᠮᠢᠶ᠎ᠠ ᠪᠥᠬᠦᠶ ᠵᠦᠢᠯ ᠵᠤᠷᠪᠤᠰ ᠢ ᠦᠨᠳᠦᠰᠦᠯᠡᠨ ᠰᠢᠢᠳᠬᠡᠨ ᠲᠣᠷᠭᠠᠨ᠎ᠠ᠄      ᠬᠤᠷᠢᠨ ᠬᠤᠶᠠᠳᠤᠭᠠᠷ ᠵᠦᠢᠯ᠄ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ ᠪᠠᠷᠢᠬᠤ ᠶᠠᠪᠤᠴᠠ ᠳᠤ ᠭᠠᠷᠤᠭᠰᠠᠨ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠭᠰᠡᠨ ᠦᠭᠡᠶ ᠠᠴᠠ ᠪᠣᠯᠵᠤ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠲᠣᠩᠭᠤᠳᠬᠤ ᠰᠢᠢᠳᠬᠡᠯ ᠥᠭᠴᠦ᠂ 5000 ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠦᠨ ᠳᠤ ᠥᠭᠭᠦᠭᠰᠡᠨ ᠪᠤᠶᠤ ᠬᠢᠨᠠᠨ ᠵᠥᠪᠰᠢᠶᠡᠷᠡᠯ ᠣᠯᠣᠭᠰᠠᠨ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠭᠰᠡᠨ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠲᠣᠩᠭᠤᠳᠬᠤ ᠰᠢᠢᠳᠬᠡᠯ ᠥᠭᠴᠦ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠬᠤᠷᠢᠨ ᠭᠤᠷᠪᠠᠳᠤᠭᠠᠷ ᠵᠦᠢᠯ᠄ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠡ ᠲᠡᠭᠡᠭᠡᠪᠦᠷᠢᠯᠡᠬᠦ ᠶᠠᠪᠤᠴᠠ ᠳᠤ ᠵᠠᠮ ᠳᠠᠭᠠᠤ ᠪᠠᠷᠢᠯᠭ᠎ᠠ ᠶᠢᠨ ᠬᠤᠭ ᠨᠣᠪᠰᠢ ᠶᠢ ᠠᠰᠬᠠᠵᠤ ᠬᠠᠶᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠲᠣᠩᠭᠤᠳᠬᠤ ᠰᠢᠢᠳᠬᠡᠯ ᠥᠭᠴᠦ᠂ 5000 ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠬᠤᠷᠢᠨ ᠵᠢᠷᠭᠤᠳᠤᠭᠠᠷ ᠵᠦᠢᠯ᠄ ᠶᠠᠮᠠᠷᠪᠠ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠪᠤᠶᠤ ᠣᠪᠣᠭᠠᠯᠠᠵᠤ ᠲᠠᠯᠪᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠲᠣᠩᠭᠤᠳᠬᠤ ᠰᠢᠢᠳᠬᠡᠯ ᠥᠭᠴᠦ᠂ ᠨᠢᠭᠡᠴᠡ ᠶᠢ 5000 ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠢ ᠪᠠᠷ ᠬᠠᠶᠠᠭᠰᠠᠨ ᠦᠢᠯᠡ ᠠᠵᠢᠯᠯᠠᠭ᠎ᠠ ᠨᠢ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠪᠠᠶᠢᠴᠠᠭᠠᠬᠤ ᠳᠤ ᠬᠠᠮᠵᠢᠯᠴᠠᠬᠤ ᠦᠭᠡᠶ᠂ ᠬᠠᠮᠢᠶᠠᠷᠤᠯᠲᠠ ᠶᠢ ᠡᠰᠡᠷᠭᠦᠴᠡᠬᠦ᠂ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠣᠯᠠᠨ ᠲᠦᠮᠡᠨ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠬᠠᠶᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ᠂ ᠪᠠᠯᠭᠠᠰᠤ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0470 - 6407711᠂ 19847014701᠂ 15104888988      ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ      ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                                          2025 ᠣᠨ ᠤ 6 ᠰᠠᠷ᠎ᠠ ᠶᠢᠨ 2 ᠤᠨ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ