ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 19 ᠤ ᠴᠠᠭᠢᠯᠭᠠᠨ ᠮᠡᠳᠡᠭᠡ 6 ᠰᠠᠷ᠎ᠠ ᠶᠢᠨ 19 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠵᠤ᠂ ᠭᠤᠣᠯᠳᠠᠭᠤ ᠳᠤᠮᠳᠠᠳᠤ ᠳᠣᠷᠣᠨᠠᠲᠤ ᠶᠢᠨ ᠪᠠᠶᠢᠳᠠᠯ ᠤᠨ | ᠲᠤᠬᠠᠢ ᠰᠠᠨᠠᠯ ᠢᠶᠠᠨ ᠰᠣᠯᠢᠯᠴᠠᠪᠠ᠃ | ᠫᠦᠲ᠋ᠢᠨ ᠤᠷᠤᠰ ᠤᠨ ᠬᠢᠨ ᠤ ᠣᠳᠣᠬᠠᠨ ᠤ ᠳᠤᠮᠳᠠᠳᠤ ᠳᠣᠷᠣᠨᠠᠲᠤ ᠶᠢᠨ ᠪᠠᠶᠢᠳᠠᠯ ᠤᠨ ᠲᠤᠬᠠᠢ ᠦᠵᠡᠯᠲᠡ ᠪᠠᠨ ᠵᠠᠷᠯᠠᠨ ᠮᠡᠳᠡᠭᠳᠡᠵᠦ᠂ ᠢᠰᠷᠧᠯ ᠤᠨ ᠬᠢᠨ | ᠢᠷᠠᠨ ᠤ ᠴᠥᠮ᠎ᠡ ᠶᠢᠨ ᠲᠥᠬᠦᠭᠡᠷᠦᠮᠵᠢ ᠶᠢ ᠲᠠᠭᠠᠷᠢᠬᠤ ᠨᠢ ᠲᠤᠶᠢᠯ ᠤᠨ ᠠᠶᠤᠯᠲᠠᠢ ᠶᠤᠮ᠂ ᠮᠥᠷᠭᠦᠯᠳᠦᠭᠡᠨ ᠤ ᠳᠡᠰ ᠳᠡᠪᠰᠢᠭᠰᠡᠨ ᠨᠢ ᠠᠯᠢ ᠴᠤ ᠲᠠᠯ᠎ᠠ ᠶᠢᠨ ᠠᠰᠢᠭ | ᠲᠤᠰᠠ ᠳᠤ ᠨᠡᠶᠢᠴᠡᠬᠦ ᠦᠭᠡᠢ ᠶᠤᠮ᠂ ᠢᠷᠠᠨ ᠤ ᠴᠥᠮ᠎ᠡ ᠶᠢᠨ ᠠᠰᠠᠭᠤᠳᠠᠯ ᠢ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠢ᠃ | ᠮᠥᠷᠭᠦᠯᠳᠦᠭᠡᠨ ᠤ ᠬᠤᠶᠠᠷ ᠲᠠᠯ᠎ᠠ ᠨᠢ ᠭᠤᠷᠪᠠᠳᠠᠭᠢ ᠤᠯᠤᠰ ᠤᠨ ᠠᠷᠠᠳ ᠢᠷᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠣᠳᠣᠬᠠᠨ ᠳᠤ ᠪᠠᠶᠢᠳᠠᠯ ᠮᠥᠨ | ᠯᠡ ᠲᠦᠷᠭᠡᠨ ᠬᠥᠭᠵᠢᠵᠦ ᠪᠠᠶᠢᠨ᠎ᠠ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠣᠯᠣᠯᠴᠠᠭ᠎ᠠ ᠪᠠᠨ ᠪᠠᠲᠤᠯᠠᠵᠤ᠂ ᠬᠠᠮᠲᠤ ᠪᠠᠷ ᠪᠠᠶᠢᠳᠠᠯ ᠢ | ᠨᠠᠮᠳᠠᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃ | ᠰᠢ ᠶᠢᠨ ᠫᠢᠩ ᠳᠤᠮᠳᠠᠳᠤ ᠤᠯᠤᠰ ᠤᠨ ᠵᠠᠷᠴᠢᠮ ᠵᠣᠭᠰᠣᠯᠲᠠ ᠶᠢ ᠲᠣᠳᠣᠷᠬᠠᠶᠢᠯᠠᠨ ᠥᠭᠦᠯᠡᠭᠰᠡᠨ ᠪᠥᠭᠡᠳ᠂ ᠣᠳᠣᠬᠠᠨ ᠤ ᠳᠤᠮᠳᠠᠳᠤ ᠳᠣᠷᠣᠨᠠᠲᠤ ᠶᠢᠨ | ᠪᠠᠶᠢᠳᠠᠯ ᠮᠠᠰᠢ ᠲᠦᠭᠰᠢᠭᠦᠷᠢᠲᠡᠢ ᠪᠠᠶᠢᠨ᠎ᠠ᠂ ᠳᠡᠯᠡᠬᠡᠢ ᠶᠢᠷᠲᠢᠨᠴᠦ ᠰᠢᠨ᠎ᠡ ᠲᠣᠭᠲᠠᠭᠤᠨ ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠭᠰᠠᠨ ᠢ ᠳᠠᠬᠢᠨᠲᠠ | ᠭᠡᠷᠡᠴᠢᠯᠡᠪᠡ᠃ ᠬᠡᠷᠪᠡ ᠮᠥᠷᠭᠦᠯᠳᠦᠭᠡᠨ ᠤᠯᠠᠮ ᠨᠢᠭᠡ ᠠᠯᠬᠤᠮ ᠰᠢᠷᠦᠭᠦᠰᠪᠡᠯ᠂ ᠮᠥᠷᠭᠦᠯᠳᠦᠭᠡᠨ ᠤ ᠬᠤᠶᠠᠷ ᠲᠠᠯ᠎ᠠ ᠨᠡᠩ ᠶᠡᠭᠡ ᠬᠤᠬᠢᠷᠠᠯ ᠳᠤ ᠤᠴᠠᠷᠠᠵᠤ᠂ ᠭᠠᠵᠠᠷ | ᠣᠷᠣᠨ ᠤ ᠤᠯᠤᠰ ᠤᠳ ᠴᠤ ᠲᠡᠭᠦᠨ ᠤ ᠬᠤᠣᠷ ᠬᠥᠨᠥᠭᠡᠯ ᠢ ᠭᠦᠨ ᠠᠮᠰᠠᠬᠤ ᠪᠣᠯᠣᠨ᠎ᠠ᠃ ᠣᠳᠣᠬᠠᠨ ᠤ ᠬᠡᠷᠡᠭ ᠶᠠᠪᠤᠳᠠᠯ ᠳᠤ ᠴᠢᠭᠯᠡᠭᠦᠯᠦᠨ ᠪᠢ ᠲᠦᠷᠪᠡᠨ ᠵᠣᠷᠢᠯᠲᠠ | ᠳᠤᠷᠠᠳᠤᠶ᠎ᠠ᠃ | ᠨᠢᠭᠡᠳᠦᠭᠡᠷ ᠲᠤ᠂ ᠲᠠᠶᠢᠨ ᠲᠤᠯᠤᠯᠳᠤᠭᠠᠨ ᠢ ᠵᠣᠭᠰᠤᠭᠠᠬᠤ ᠶᠢ ᠠᠬᠢᠭᠤᠯᠬᠤ ᠪᠣᠯ ᠪᠠᠴᠢᠮ ᠲᠤᠯᠭᠠᠮ ᠶᠠᠪᠤᠳᠠᠯ ᠮᠥᠨ᠃ ᠵᠡᠪᠰᠡᠭᠲᠦ ᠬᠦᠴᠦᠨ ᠪᠣᠯ ᠤᠯᠤᠰ ᠤᠨ | ᠬᠤᠭᠤᠷᠣᠨᠳᠣᠭᠢ ᠵᠠᠭᠤᠷᠠᠯᠳᠤᠭᠠᠨ ᠢ ᠰᠢᠢᠳᠪᠦᠷᠢᠯᠡᠬᠦ ᠵᠥᠪ ᠠᠷᠭ᠎ᠠ ᠭᠡᠯᠪᠡᠷᠢ ᠪᠢᠰᠢ᠂ ᠵᠥᠪᠭᠡᠨ ᠬᠤᠷᠣᠰᠤᠯ ᠪᠠ ᠵᠥᠷᠢᠴᠡᠯ ᠢ ᠬᠤᠷᠴᠠᠳᠬᠠᠬᠤ ᠶᠤᠮ᠃ | ᠮᠥᠷᠭᠦᠯᠳᠦᠭᠡᠨ ᠤ ᠲᠤᠬᠠᠢ ᠶᠢᠨ ᠲᠠᠯ᠎ᠠ ᠢᠯᠠᠩᠭᠤᠶ᠎ᠠ ᠢᠰᠷᠧᠯ ᠤᠨ ᠬᠢᠨ ᠳᠠᠷᠤᠶᠢᠬᠠᠨ ᠲᠤᠯᠤᠯᠳᠤᠬᠤ ᠪᠠᠨ ᠵᠣᠭᠰᠣᠵᠤ᠂ ᠪᠠᠶᠢᠳᠠᠯ ᠡᠭᠡᠯᠵᠢᠯᠡᠨ ᠰᠢᠷᠦᠭᠦᠰᠬᠦ ᠶᠢ | ᠰᠡᠷᠭᠡᠶᠢᠯᠡᠵᠦ᠂ ᠲᠠᠶᠢᠨ ᠤ ᠪᠠᠶᠢᠳᠠᠯ ᠭᠠᠳᠠᠭᠰᠢ ᠥᠷᠭᠡᠳᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ | ᠬᠤᠶᠠᠳᠤᠭᠠᠷ ᠲᠤ᠂ ᠡᠭᠡᠯ ᠠᠷᠠᠳ ᠤᠨ ᠠᠮᠤᠷ ᠲᠦᠪᠰᠢᠨ ᠢ ᠪᠠᠲᠤᠯᠠᠬᠤ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠶᠠᠮᠠᠷᠪᠠ ᠦᠶ᠎ᠡ ᠳᠤ | ᠴᠦ ᠭᠡᠰᠡᠨ᠂ ᠴᠡᠷᠢᠭ ᠤᠨ ᠶᠠᠪᠤᠳᠠᠯ ᠤᠨ ᠮᠥᠷᠭᠦᠯᠳᠦᠭᠡᠨ ᠤ ᠳᠤᠮᠳᠠ ᠡᠭᠡᠯ ᠠᠷᠠᠳ ᠢ ᠬᠠᠮᠠᠭᠠᠯᠠᠬᠤ ᠤᠯᠠᠭᠠᠨ ᠱᠤᠭᠤᠮ ᠢ ᠳᠠᠪᠠᠵᠤ ᠪᠤᠯᠬᠤ ᠦᠭᠡᠢ᠂ ᠢᠯᠭᠠᠭ᠎ᠠ | ᠦᠭᠡᠢ ᠪᠠᠷ ᠵᠡᠪᠰᠡᠭᠲᠦ ᠬᠦᠴᠦᠨ ᠬᠡᠷᠡᠭᠯᠡᠬᠦ ᠠᠵᠢᠯᠯᠠᠭ᠎ᠠ ᠶᠢ ᠴᠥᠮ ᠭᠥᠯᠢᠶᠡᠨ ᠠᠪᠴᠤ ᠪᠤᠯᠬᠤ ᠦᠭᠡᠢ᠃ ᠮᠥᠷᠭᠦᠯᠳᠦᠭᠡᠨ ᠤ ᠲᠤᠬᠠᠢ ᠶᠢᠨ ᠲᠠᠯ᠎ᠠ ᠶᠢᠨ ᠬᠢᠨ ᠤᠯᠠᠨ | ᠤᠯᠤᠰ ᠤᠨ ᠬᠠᠤᠯᠢ ᠶᠢ ᠴᠢᠩᠭ᠎ᠠ ᠵᠢᠷᠤᠮᠯᠠᠵᠤ᠂ ᠡᠭᠡᠯ ᠠᠷᠠᠳ ᠲᠤ ᠬᠤᠣᠷ ᠬᠥᠨᠥᠭᠡᠯ ᠤᠴᠠᠷᠠᠭᠤᠯᠬᠤ ᠠᠴᠠ ᠡᠷᠡᠰ ᠵᠠᠶᠢᠯᠠᠰᠬᠢᠬᠦ ᠶᠢᠨ ᠬᠠᠮᠲᠤ ᠭᠤᠷᠪᠠᠳᠠᠭᠢ | ᠤᠯᠤᠰ ᠤᠨ ᠠᠷᠠᠳ ᠢᠷᠭᠡᠳ ᠤᠨ ᠤᠬᠤᠷᠢᠨ ᠭᠠᠷᠬᠤ ᠳᠤ ᠲᠦᠭᠦᠮ ᠦᠵᠡᠭᠦᠯᠭᠦ ᠬᠡᠷᠡᠭᠲᠡᠢ᠃ | ᠭᠤᠷᠪᠠᠳᠤᠭᠠᠷ ᠲᠤ᠂ ᠶᠠᠷᠢᠯᠴᠠᠭ᠎ᠠ ᠬᠡᠯᠡᠯᠴᠡᠭᠡ ᠶᠢ ᠡᠬᠢᠯᠡᠭᠦᠯᠬᠦ ᠪᠣᠯ ᠦᠨᠳᠦᠰᠦᠨ ᠭᠠᠷᠬᠤ ᠵᠠᠮ ᠮᠥᠨ᠃ ᠨᠡᠪᠲᠡᠷᠡᠯᠴᠡᠭᠡ ᠶᠠᠷᠢᠯᠴᠠᠭ᠎ᠠ ᠪᠣᠯ ᠥᠨᠢ ᠤᠳᠠᠭᠠᠨ ᠤ | ᠡᠩᠬᠡ ᠲᠠᠶᠢᠪᠤᠩ ᠢ ᠪᠡᠶᠡᠯᠡᠭᠦᠯᠬᠦ ᠵᠥᠪ ᠵᠠᠮ ᠮᠥᠨ᠃ ᠤᠯᠤᠰ ᠲᠦᠷᠦ ᠪᠠᠷ ᠢᠷᠠᠨ ᠤ ᠴᠥᠮ᠎ᠡ ᠶᠢᠨ ᠠᠰᠠᠭᠤᠳᠠᠯ ᠢ ᠰᠢᠢᠳᠪᠦᠷᠢᠯᠡᠬᠦ ᠶᠡᠭᠡ ᠴᠢᠭᠯᠡᠯ ᠢ ᠭᠤᠶᠢᠪᠢᠰᠢ | ᠦᠭᠡᠢ ᠪᠠᠷᠢᠮᠲᠠᠯᠠᠵᠤ᠂ ᠶᠠᠷᠢᠯᠴᠠᠭ᠎ᠠ ᠬᠡᠯᠡᠯᠴᠡᠭᠡ ᠪᠠᠷ ᠳᠠᠮᠵᠢᠭᠤᠯᠤᠨ ᠢᠷᠠᠨ ᠤ ᠴᠥᠮ᠎ᠡ ᠶᠢᠨ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠵᠠᠮ ᠳᠤ ᠲᠠᠭᠢᠨ | ᠪᠤᠴᠠᠬᠤ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠲᠤ᠂ ᠳᠡᠯᠡᠬᠡᠢ ᠨᠡᠶᠢᠭᠡᠮ ᠤᠨ ᠡᠩᠬᠡ ᠲᠠᠶᠢᠪᠤᠩ ᠢ ᠠᠬᠢᠭᠤᠯᠬᠤ ᠴᠢᠷᠮᠠᠶᠢᠯᠭ᠎ᠠ ᠲᠤᠲᠠᠭᠳᠠᠵᠤ ᠪᠣᠯᠣᠰᠢ ᠦᠭᠡᠢ ᠶᠤᠮ᠃ ᠳᠤᠮᠳᠠᠳᠤ ᠳᠣᠷᠣᠨᠠᠲᠤ | ᠲᠣᠭᠲᠠᠭᠤᠨ ᠦᠭᠡᠢ ᠪᠣᠯ ᠳᠡᠯᠡᠬᠡᠢ ᠳ᠋ᠠᠬᠢᠨ ᠠᠮᠤᠷ ᠲᠦᠪᠰᠢᠨ ᠪᠠᠶᠢᠵᠤ ᠴᠢᠳᠠᠬᠤ ᠦᠭᠡᠢ᠃ ᠢᠰᠷᠧᠯ ᠢᠷᠠᠨ ᠤ ᠮᠥᠷᠭᠦᠯᠳᠦᠭᠡᠨ ᠠᠴᠠ ᠪᠣᠯᠵᠤ ᠳᠤᠮᠳᠠᠳᠤ | ᠳᠣᠷᠣᠨᠠᠲᠤ ᠶᠢᠨ ᠪᠠᠴᠢᠮ ᠪᠠᠶᠢᠳᠠᠯ ᠭᠡᠨᠡᠳᠲᠡ ᠰᠢᠷᠦᠭᠦᠰᠴᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠳᠤ ᠬᠦᠨᠳᠦ ᠨᠣᠴᠢᠲᠠᠢ ᠳᠠᠭᠠᠷᠢᠯᠲᠠ ᠪᠣᠯᠪᠠ᠂ ᠳᠡᠯᠡᠬᠡᠢ | ᠨᠡᠶᠢᠭᠡᠮ ᠢᠯᠠᠩᠭᠤᠶ᠎ᠠ ᠮᠥᠷᠭᠦᠯᠳᠦᠭᠡᠨ ᠤ ᠲᠤᠬᠠᠢ ᠶᠢᠨ ᠲᠠᠯ᠎ᠠ ᠳᠤ ᠣᠨᠴᠠᠭᠠᠢ ᠨᠥᠯᠥᠭᠡ ᠲᠠᠢ ᠲᠣᠮᠣ ᠤᠯᠤᠰ ᠪᠠᠶᠢᠳᠠᠯ ᠢ ᠨᠠᠮᠳᠠᠭᠤᠯᠬᠤ ᠪᠠᠷ ᠴᠢᠷᠮᠠᠶᠢᠬᠤ ᠬᠡᠷᠡᠭᠲᠡᠢ᠂ | ᠬᠠᠷᠢᠨ ᠡᠰᠡᠷᠭᠦ ᠪᠠᠶᠢᠵᠤ ᠪᠤᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠡᠭᠦᠨ ᠤ ᠲᠥᠯᠥᠭᠡ ᠨᠡᠩ ᠶᠡᠭᠡ | ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠣᠯᠣᠯᠴᠠᠭ᠎ᠠ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠯ | ᠬᠦᠴᠦᠨ ᠢᠶᠠᠨ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠢ ᠰᠡᠷᠭᠦᠭᠡᠬᠦ ᠳᠤ ᠪᠦᠲᠦᠭᠡᠯᠴᠢ ᠴᠢᠨᠠᠷᠲᠠᠢ | ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃ | ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠤᠯᠤᠰ ᠲᠦᠷᠦ ᠶᠢᠨ ᠢᠲᠡᠭᠡᠯᠴᠡᠭᠡ ᠪᠣᠯᠣᠨ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠡᠯ᠎ᠡ ᠬᠦᠷᠢᠶᠡᠨ ᠤ | ᠬᠠᠮᠲᠤᠷᠠᠯᠴᠠᠭ᠎ᠠ ᠪᠠᠨ ᠠᠬᠢᠭᠤᠯᠵᠤ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠵᠦ ᠵᠥᠪᠰᠢᠶᠡᠷᠡᠪᠡ᠃ | | | |