6 ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠥᠪ ᠤᠨ ᠠᠷᠪᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ | ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ᠪᠥᠬᠦ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ︽ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠰᠢᠢᠳᠪᠦᠷᠢᠯᠡᠬᠦ︾ ᠠᠵᠢᠯ ᠤᠨ ᠲᠣᠭᠤᠷᠢᠨ ᠳᠤ ᠲᠣᠬᠢᠷᠠᠭᠤᠯᠤᠨ ᠪᠠᠶᠢᠷᠢᠯᠠᠭᠤᠯᠵᠤ᠂ ᠬᠡᠷᠡᠭ ᠢ ᠰᠢᠢᠳᠪᠦᠷᠢᠯᠡᠵᠦ ᠳᠠᠭᠤᠰᠬᠠᠬᠤ ᠨᠣᠷᠮ᠎ᠠ᠂ | ᠨᠠᠮᠳᠠᠭᠤᠯᠬᠤ ᠨᠣᠷᠮ᠎ᠠ ᠶᠢ ᠡᠮᠬᠢ ᠵᠢᠷᠤᠮ ᠲᠠᠢ ᠪᠠᠷ ᠳᠡᠭᠡᠭᠰᠢᠯᠡᠭᠦᠯᠬᠦ ᠶᠢ ᠤᠯᠠᠮ ᠴᠢᠨᠠᠭᠰᠢᠳᠠ ᠰᠤᠳᠤᠯᠤᠨ ᠮᠠᠭᠠᠳᠯᠠᠵᠤ ᠲᠦᠯᠬᠢᠨ ᠠᠬᠢᠭᠤᠯᠪᠠ᠃ | ᠪᠦᠬᠡᠪᠠᠶᠠᠷ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ᠪᠦᠬᠦ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠤᠨ ︽ᠶᠡᠭᠡ ᠪᠠᠷ ᠪᠠᠶᠢᠴᠠᠭᠠᠵᠤ ᠶᠡᠭᠡ ᠪᠠᠷ ᠰᠢᠢᠳᠪᠦᠷᠢᠯᠡᠬᠦ︾ ᠠᠵᠢᠯ ᠤᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠢ ᠭᠦᠢᠴᠡᠳ | ᠲᠠᠨᠢᠵᠤ᠂ ᠬᠦᠴᠦᠯᠡᠴᠡ ᠶᠢ ᠰᠤᠯᠠᠷᠠᠭᠤᠯᠬᠤ ᠦᠭᠡᠢ᠂ ᠡᠷᠴᠢᠮ ᠢ ᠪᠠᠭᠤᠷᠠᠭᠤᠯᠬᠤ ᠦᠭᠡᠢ ᠪᠠ ᠠᠬᠢᠴᠠ ᠶᠢ ᠤᠳᠠᠭᠠᠰᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠪᠦᠬᠡᠪᠠᠶᠠᠷ᠂ ︽ᠵᠠᠬᠢᠳᠠᠯ ᠰᠤᠷᠪᠤᠯᠵᠢᠯᠠᠭ᠎ᠠ ᠪᠠ ᠡᠶᠡᠳᠡᠭᠦᠯᠭᠡ ᠬᠢᠬᠦ ᠶᠢ ᠵᠣᠯᠭᠠᠭᠤᠯᠬᠤ︾ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ | ᠠᠷᠠᠳ ᠤᠨ ᠡᠶᠡᠳᠡᠭᠦᠯᠦᠭᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠣᠶᠢᠯᠠᠭᠠᠬᠤ ᠨᠣᠷᠮ᠎ᠠ ᠪᠠ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠵᠦ᠂ | ᠵᠠᠬᠢᠳᠠᠯ ᠰᠤᠷᠪᠤᠯᠵᠢᠯᠠᠭ᠎ᠠ ᠬᠢᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠡᠶᠡᠳᠡᠭᠦᠯᠭᠡ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠥᠯᠢ ᠪᠠᠷ ᠵᠠᠰᠠᠬᠤ ᠶᠢ ᠠᠬᠢᠭᠤᠯᠬᠤ ᠬᠡᠷᠡᠭᠲᠡᠶ᠃ ᠠᠩᠬ᠎ᠠ ᠤᠳᠠᠭ᠎ᠠ ᠵᠠᠬᠢᠳᠠᠯ ᠰᠤᠷᠪᠤᠯᠵᠢᠯᠠᠭ᠎ᠠ ᠬᠢᠬᠦ ᠶᠢ ᠡᠶᠡᠳᠡᠭᠦᠯᠬᠦ | ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠭᠤᠮᠣᠳᠠᠯ ᠱᠠᠭᠠᠷᠳᠠᠯᠭ᠎ᠠ ᠶᠢ ᠵᠣᠯᠭᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠡᠶᠡᠳᠡᠭᠦᠯᠭᠡ ᠬᠢᠬᠦ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ︽ᠲᠦᠭᠵᠢᠷᠡᠯ ᠲᠠᠢ︾᠂ ︽ᠬᠦᠴᠢᠷ ᠲᠠᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠡᠷᠡᠭ ᠢ | ᠰᠢᠢᠳᠪᠦᠷᠢᠯᠡᠵᠦ ᠤᠴᠢᠷ ᠶᠠᠪᠤᠳᠠᠯ ᠢ ᠳᠠᠭᠤᠰᠬᠠᠬᠤ︾᠂ ︽ᠤᠴᠢᠷ ᠶᠠᠪᠤᠳᠠᠯ ᠢ ᠰᠢᠢᠳᠪᠦᠷᠢᠯᠡᠵᠦ ᠰᠡᠳᠬᠢᠯ ᠤᠨ ᠠᠯᠳᠠᠷᠠᠭ᠎ᠠ ᠶᠢ ᠲᠠᠶᠢᠯᠬᠤ︾ ᠶᠢ ᠪᠡᠶᠡᠯᠡᠭᠦᠯᠬᠦ | ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠨ᠂ ᠨᠢᠭᠡᠳᠦᠯᠲᠡᠢ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ | ᠠᠵᠢᠯᠳᠠᠨ ᠤ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠡᠭᠦᠷᠭᠡ ᠴᠢᠳᠠᠪᠬᠢ ᠶᠢ ᠥᠨᠳᠥᠷ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠤᠨ᠂ ᠨᠢᠭᠡᠨᠲᠡ ᠰᠢᠢᠳᠪᠦᠷᠢᠯᠡᠵᠦ | ᠳᠠᠭᠤᠰᠬᠠᠭᠰᠠᠨ ᠵᠠᠬᠢᠳᠠᠯ ᠡᠶᠡᠳᠡᠭᠦᠯᠭᠡ ᠬᠢᠬᠦ ᠬᠡᠷᠡᠭ ᠤᠨ ᠲᠠᠬᠢᠨ ᠢᠯᠡᠷᠡᠬᠦ ᠦᠭᠡᠢ ᠪᠠᠶᠢᠬᠤ ᠶᠢ ᠪᠠᠲᠤᠯᠠᠵᠤ᠂ ᠬᠠᠷᠢᠭᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ | ᠰᠢᠢᠳᠪᠦᠷᠢᠯᠡᠭᠰᠡᠨ ᠦᠷ᠎ᠡ ᠪᠦᠲᠦᠮᠵᠢ ᠪᠠᠨ ᠪᠠᠬᠢᠵᠢᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠡᠳᠦᠷ ᠢᠶᠠᠷ ᠲᠣᠬᠢᠷᠠᠭᠤᠯᠤᠯᠲᠠ ᠬᠢᠬᠦ ᠲᠣᠭᠲᠠᠴᠠ ᠶᠢ | ᠪᠠᠶᠢᠭᠤᠯᠵᠤ᠂ ᠬᠡᠷᠡᠭ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠶ᠎ᠡ ᠵᠣᠬᠢᠴᠠᠩᠭᠤᠶ ᠠᠮᠤᠷ ᠲᠦᠪᠰᠢᠨ | ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | | | |