ᠰᠢᠨᠬᠤᠸᠠ ᠬᠤᠷᠢᠶ᠎ᠠ ᠶᠢᠨ ᠭᠦᠭᠡᠬᠤᠳᠠ ᠶᠢᠨ 6 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ ᠯᠧ ᠵᠢᠢ 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ ᠥᠪᠥᠷ ᠮᠣᠩᠭᠤᠯ ᠳᠤ ᠪᠠᠶᠢᠴᠠᠭᠠᠨ | ᠰᠤᠳᠤᠯᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠳᠤ | ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ | ᠳᠠᠷᠤᠭ᠎ᠠ ᠵᠣᠣ ᠯᠧ ᠵᠢᠢ ᠥᠪᠥᠷ ᠮᠣᠩᠭᠤᠯ ᠳᠤ ᠪᠠᠶᠢᠴᠠᠭᠠᠨ ᠰᠤᠳᠤᠯᠪᠠ᠃ ᠵᠢᠷᠤᠭ ᠪᠣᠯ 6 ᠰᠠᠷ᠎ᠠ ᠶᠢᠨ 18 ᠤ ᠦᠳᠡ ᠶᠢᠨ ᠬᠤᠶᠢᠨ᠎ᠠ᠂ ᠵᠤᠤ ᠯᠧ ᠵᠢᠢ | ᠭᠦᠭᠡᠬᠤᠳᠠ ᠶᠢᠨ ᠠᠵᠢᠯᠴᠢᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠤᠭᠡ ᠳᠤ ᠪᠠᠶᠢᠴᠠᠭᠠᠨ | ᠰᠤᠳᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠩ ᠯᠢᠩ ᠰᠡᠭᠦᠳᠡᠷᠯᠡᠪᠡ | ᠵᠤᠤ ᠯᠧ ᠵᠢᠢ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ᠂ ᠤᠯᠠᠭᠠᠨᠬᠠᠳᠠ᠂ ᠭᠦᠭᠡᠬᠤᠲᠠ ᠳᠤ ᠬᠦᠷᠴᠦ᠂ ᠨᠡᠶᠢᠭᠡᠮ ᠲᠣᠭᠤᠷᠢᠭ᠂ ᠠᠵᠤ | ᠠᠬᠤᠶᠢᠯᠠᠯ ᠢᠶᠠᠷ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠵᠢᠯᠲᠠᠨ ᠠᠵᠢᠯᠴᠢᠨ ᠤᠯᠠᠨ ᠲᠦᠮᠡᠨ ᠲᠠᠢ | ᠰᠠᠨᠠᠯ ᠢᠶᠠᠨ ᠰᠣᠯᠢᠯᠴᠠᠪᠠ︔ ᠷᠠᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠵᠤ᠂ ᠪᠠᠶᠢᠭᠤᠯᠭ᠎ᠠ ᠶᠢᠨ ᠺᠠᠳ᠋ᠷᠴᠤᠳ ᠢ ᠡᠷᠭᠢᠨ ᠦᠵᠡᠭᠰᠡᠨ ᠪᠥᠭᠡᠳ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠪᠠ᠃ | ᠵᠤᠤ ᠯᠧ ᠵᠢᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠰᠠᠨᠠᠭ᠎ᠠ ᠶᠢ ᠲᠤᠰᠬᠠᠵᠤ᠂ | ᠠᠷᠠᠳ ᠤᠨ ᠠᠮᠢᠳᠤᠷᠠᠯ ᠲᠠᠢ ᠣᠶᠢᠷᠠᠳᠴᠤ᠂ ᠠᠷᠠᠳ ᠤᠯᠠᠨ ᠲᠠᠢ ᠨᠢᠭᠲᠠ ᠬᠠᠷᠢᠯᠴᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠷᠭ᠎ᠠ | ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠬᠠᠤᠯᠢ ᠶᠣᠰᠣᠭᠠᠷ ᠵᠢᠷᠤᠮ | ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠴᠢᠩᠳᠠᠯᠠᠵᠤ᠂ ᠡᠯ᠎ᠡ ᠵᠦᠢᠯ ᠤᠨ ᠠᠵᠢᠯ ᠢᠶᠠᠨ ᠭᠦᠨᠵᠡᠭᠡᠢ ᠬᠢᠵᠦ᠂ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠵᠠᠰᠠᠪᠤᠷᠢ | ᠣᠷᠣᠭᠤᠯᠤᠭᠰᠠᠨ ᠤ ᠳᠠᠷᠠᠭᠠᠬᠢ ᠲᠥᠯᠥᠭᠡᠯᠡᠭᠴᠢᠳ ᠤᠨ ᠬᠠᠤᠯᠢ ᠶᠢ ᠬᠢᠨᠠᠮᠠᠭᠠᠢ ᠬᠡᠷᠡᠭᠵᠢᠭᠦᠯᠵᠦ᠂ ᠲᠥᠯᠥᠭᠡᠯᠡᠭᠴᠢᠳ ᠤᠨ ᠠᠵᠢᠯ ᠤᠨ ᠳᠦᠷᠢᠮᠵᠢᠯᠲᠡ᠂ | ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠥᠯᠥᠭᠡᠯᠡᠭᠴᠢᠳ ᠨᠢ ᠨᠠᠮ ᠪᠠ ᠤᠯᠤᠰ ᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ | ᠪᠤᠯᠬᠤ ᠶᠢ ᠳᠡᠮᠵᠢᠨ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠬᠢᠨᠠᠮᠠᠭᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠣᠨ ᠨᠤᠲᠤᠭ ᠤᠨ ᠨᠠᠮ ᠤᠨ | ᠬᠤᠷᠢᠶ᠎ᠠ ᠶᠢᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ | ᠪᠦᠲᠦᠭᠡᠯᠴᠢ ᠪᠠᠷ ᠥᠷᠨᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠪᠦᠲᠦᠮᠵᠢ ᠪᠠᠨ | ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ | ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠣᠶ ᠰᠢᠭᠤᠢ ᠶᠢᠨ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠣᠶ ᠰᠢᠭᠤᠢ ᠶᠢᠨ ᠠᠵᠤ | ᠦᠢᠯᠡᠳᠪᠦᠷᠢ ᠶᠢᠨ ᠺᠤᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠥᠪ᠂ ᠣᠶ ᠰᠢᠭᠤᠢ ᠶᠢᠨ ᠲᠠᠯᠠᠪᠠᠶ ᠪᠣᠯᠣᠨ ᠣᠶ ᠰᠢᠭᠤᠢ ᠶᠢᠨ ᠠᠵᠢᠯᠲᠠᠨ | ᠠᠵᠢᠯᠴᠢᠨ ᠤ ᠭᠡᠷ ᠲᠤ ᠭᠦᠨᠵᠡᠭᠡᠶᠢᠷᠡᠵᠦ᠂ ᠬᠠᠤᠯᠢ ᠴᠠᠭᠠᠵᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ︔ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠢ ᠰᠢᠭᠤᠢ ᠶᠢᠨ ᠲᠤᠰᠬᠠᠢ ᠮᠡᠷᠭᠡᠵᠢᠯᠲᠡᠨ᠂ ᠨᠢᠭᠡᠳᠦᠭᠡᠷ | ᠹᠷᠣᠨᠲ ᠤᠨ ᠠᠵᠢᠯᠲᠠᠨ ᠤ ᠤᠢ ᠰᠢᠭᠤᠢ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠵᠣᠣ ᠯᠧ ᠵᠢᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ | ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ | ᠴᠦᠯᠯᠡᠷᠭᠡᠭᠵᠢᠯ ᠢ ᠵᠠᠰᠠᠬᠤ ᠭᠤᠣᠯ ᠲᠡᠶᠢᠨ ᠤ ᠲᠠᠯᠠᠪᠤᠷ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠣᠶ ᠰᠢᠭᠤᠢ ᠶᠢᠨ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠠᠶᠢᠭᠠᠯᠢᠯᠢᠭ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ | ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ ᠬᠠᠤᠯᠢ ᠶᠣᠰᠣᠭᠠᠷ ᠣᠶᠢᠵᠢᠭᠤᠯᠬᠤ᠂ ᠣᠶ ᠰᠢᠭᠤᠢ ᠶᠢ | ᠬᠠᠮᠠᠭᠠᠯᠠᠬᠤ᠂ ᠣᠶ ᠰᠢᠭᠤᠢ ᠶᠢ ᠬᠥᠭᠵᠢᠭᠦᠯᠬᠦ ᠦᠵᠡᠯᠲᠡ ᠶᠢ ᠪᠠᠲᠤ ᠪᠤᠶ ᠪᠤᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠭᠢᠯᠪᠠᠷ ᠪᠤᠰᠤ ᠪᠠᠷ ᠣᠯᠣᠭᠰᠠᠨ ᠨᠣᠮᠢᠨ | ᠨᠣᠭᠤᠭᠠᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠣᠶ ᠰᠢᠭᠤᠢ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠬᠠᠤᠯᠢ | ᠶᠣᠰᠣᠭᠠᠷ ᠴᠢᠩᠭᠠᠳᠬᠠᠵᠤ᠂ ᠣᠶ ᠰᠢᠭᠤᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠢ ᠵᠣᠷᠢᠭᠵᠢᠭᠤᠯᠤᠨ ᠳᠡᠮᠵᠢᠵᠦ᠂ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠶᠢᠨ | ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ | ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ᠣᠶ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠣᠶ ᠰᠢᠭᠤᠢ ᠶᠢᠨ ᠪᠠᠶᠢᠳᠠᠯ ᠳᠤᠨᠢ ᠲᠣᠬᠢᠷᠠᠭᠤᠯᠤᠨ ᠣᠶ ᠶᠢᠨ ᠳᠣᠲᠣᠷᠠᠬᠢ ᠠᠵᠤ ᠠᠬᠤᠢ ᠶᠢ ᠬᠥᠭᠵᠢᠭᠦᠯᠵᠦ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠰᠢᠭᠤᠶᠢᠲᠤ ᠣᠷᠣᠨ ᠤ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |