ᠪᠦᠬᠡᠪᠠᠶᠠᠷ ᠪᠦᠬᠦ ᠬᠤᠰᠢᠭᠤᠨ ᠤ ᠪᠠᠭᠠᠴᠤᠳ ᠬᠡᠥᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ
ᠨᠡᠶᠢᠲᠡᠯᠡᠭᠰᠡᠨ ᠴᠠᠭ᠄
2025/6/3
      ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠣᠯᠠᠨ ᠬᠡᠯᠪᠡᠷᠢ᠂ ᠪᠠᠶᠠᠯᠢᠭ ᠠᠭᠤᠯᠭ᠎ᠠ ᠲᠠᠢ ︽ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠬᠦ︾ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠥᠪᠡᠷ ᠤᠨ ᠪᠡᠶ᠎ᠡ ᠪᠠᠨ ᠳᠡᠯᠭᠡᠨ ᠦᠵᠡᠭᠦᠯᠬᠦ ᠲᠠᠪᠴᠠᠩ ᠪᠠᠢᠭᠤᠯᠵᠤ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠭᠤᠯ ᠢ ᠪᠣᠢ ᠪᠣᠯᠭᠠᠪᠠ᠃ 5 ᠰᠠᠷ᠎ᠠ ᠶᠢᠨ 30 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠨᠢᠭᠡᠳᠦᠭᠡᠷ ᠬᠡᠤᠬᠡᠳ ᠤᠨ ᠴᠡᠴᠡᠷᠯᠢᠭ ᠲᠤ ᠬᠦᠷᠴᠦ᠂ ᠬᠡᠦᠬᠡᠳ ᠤᠳ ᠲᠠᠢ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠪᠥᠬᠦ ᠬᠤᠰᠢᠭᠤᠨ ᠤ ᠪᠠᠭᠠᠴᠤᠳ ᠬᠡᠤᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠪᠥᠬᠦ ᠬᠤᠰᠢᠭᠤᠨ ᠤ ᠪᠠᠭᠠᠴᠤᠳ ᠬᠡᠤᠬᠡᠳ ᠤᠨ ᠦᠢᠯᠡᠰ ᠤᠨ ᠬᠥᠭᠵᠢᠯᠲᠡ ᠳᠤ ᠰᠢᠷᠭᠠᠭᠤ ᠴᠢᠷᠮᠠᠶᠢᠯᠭ᠎ᠠ ᠭᠠᠷᠭᠠᠭᠰᠠᠨ ᠥᠷᠭᠡᠨ ᠣᠯᠠᠨ ᠪᠠᠭᠰᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠪᠦᠬᠡᠪᠠᠶᠠᠷ᠂ ᠪᠠᠭᠠᠴᠤᠳ ᠬᠡᠤᠬᠡᠳ ᠪᠣᠯ ᠡᠬᠡ ᠤᠯᠤᠰ ᠤᠨ ᠢᠷᠡᠭᠡᠳᠦᠶ ᠮᠥᠨ᠂ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠪᠠᠭᠠᠴᠤᠳ ᠬᠡᠦᠬᠡᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ ᠪᠠ ᠠᠷᠠᠳ ᠲᠦᠮᠡᠨ ᠢᠶᠠᠨ ᠬᠠᠶᠢᠷᠠᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠭᠦᠯᠬᠦ ᠬᠡᠷᠡᠭᠲᠡᠶ᠃ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠯᠭᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠵᠡᠢ ᠃ ᠪᠠᠭᠠᠴᠤᠳ ᠬᠡᠦᠬᠡᠳ ᠢ ᠬᠠᠯᠠᠮᠵᠢᠯᠠᠨ ᠬᠠᠶᠢᠷᠠᠯᠠᠵᠤ᠂ ᠪᠠᠭᠠᠴᠤᠳ ᠬᠡᠦᠬᠡᠳ ᠤᠨ ᠦᠢᠯᠡᠰ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠬᠤᠰᠢᠭᠤᠨ ᠤ ᠪᠠᠭᠠᠴᠤᠳ ᠬᠡᠦᠬᠡᠳ ᠤᠨ ᠡᠷᠡᠭᠦᠯ ᠴᠢᠭᠢᠷᠠᠭ ᠢᠳᠡᠷᠡᠭᠦᠨ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ ᠪᠦᠬᠦ ᠬᠤᠰᠢᠭᠤᠨ ᠤ ᠪᠠᠭᠠᠴᠤᠳ ᠬᠡᠥᠬᠡᠳ ᠲᠤ ᠬᠡᠬᠦᠳᠡᠭ ᠴᠡᠭᠡᠵᠢᠨ ᠳᠡᠭᠡᠨ ᠠᠯᠤᠰ ᠬᠡᠳᠦ ᠶᠢᠨ ᠬᠦᠰᠡᠯᠡᠩ ᠲᠠᠢ᠂ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠦᠰᠦᠨ ᠪᠤᠶᠢᠵᠢᠵᠤ᠂ ᠡᠬᠡ ᠤᠯᠤᠰ ᠤᠨ ᠲᠤᠯᠭᠠᠭᠤᠷᠢ ᠬᠦᠴᠦᠨ ᠪᠣᠯᠵᠤ᠂ ᠤᠯᠤᠰ ᠲᠠᠭᠠᠨ ᠢᠷᠠᠭᠤ ᠠᠯᠳᠠᠷ ᠣᠯᠭᠤᠵᠤ᠂ ᠨᠤᠲᠤᠭ ᠤᠰᠤᠨ ᠳᠠᠭᠠᠨ ᠥᠩᠭᠡ ᠬᠡᠷᠡᠯ ᠨᠡᠮᠡᠷᠢᠯᠡᠬᠦ ᠪᠠᠷ ᠴᠢᠷᠮᠠᠶᠢᠭᠠᠷᠠᠢ ᠭᠡᠵᠦ ᠵᠠᠬᠢᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ