5 ᠰᠠᠷ᠎ᠠ ᠶᠢᠨ 30 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 | ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠤᠴᠢᠷ | ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠬᠡᠵᠦ᠂ ᠤᠯᠠᠨ ᠬᠡᠯᠪᠡᠷᠢ᠂ ᠤᠯᠠᠨ ᠠᠷᠭ᠎ᠠ ᠵᠠᠮ᠂ ᠤᠯᠠᠨ ᠲᠡᠰ ᠳᠠᠪᠬᠤᠷᠭ᠎ᠠ ᠪᠠᠷ ᠪᠠᠭᠠᠴᠤᠳ | ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠠᠭᠠᠴᠤᠳ ᠬᠡᠦᠬᠡᠳ ᠤᠨ ᠪᠦᠬᠦ | ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ ᠤᠨ | ᠴᠡᠴᠡᠭᠯᠡᠨ ᠬᠥᠭᠵᠢᠬᠦ ᠶᠢ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠥᠭᠡᠳᠡᠯᠡᠨ ᠲᠠᠪᠰᠢᠬᠤ ᠨᠡᠶᠢᠭᠡᠮ ᠤᠨ ᠬᠡᠪ ᠰᠤᠷᠲᠠᠯ ᠢ ᠪᠦᠷᠢᠯᠳᠦᠭᠦᠯᠬᠦ ᠬᠡᠷᠡᠭᠲᠡᠢ᠃ ᠲᠥᠪ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠣᠷᠣᠵᠤ ᠰᠠᠭᠤᠬᠤ ᠠᠵᠢᠯ ᠤᠨ ᠲᠤᠬᠢᠷᠠᠭᠤᠯᠤᠯᠳᠠ ᠶᠣᠰᠣᠭᠠᠷ᠂ ᠪᠠᠶᠢᠳᠠᠯ ᠢ ᠲᠠᠨᠢᠯᠴᠠᠭᠤᠯᠬᠤ᠂ | ᠮᠠᠲ᠋ᠧᠷᠢᠶᠠᠯ ᠬᠠᠩᠭᠠᠬᠤ᠂ ᠲᠤᠰᠬᠠᠢ ᠶᠠᠷᠢᠯᠴᠠᠬᠤ᠂ ᠰᠤᠷᠪᠤᠯᠵᠢᠯᠠᠨ ᠠᠰᠠᠭᠤᠬᠤ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ᠂ ᠮᠡᠳᠡᠭᠡ ᠵᠠᠩᠭᠢ ᠶᠢ ᠢᠯᠡ | ᠪᠣᠯᠭᠠᠬᠤ᠂ ᠵᠣᠬᠢᠴᠠᠭᠤᠯᠤᠨ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠦᠨᠡᠨᠬᠦ | ᠠᠳᠬᠤᠨ ᠪᠣᠳᠠᠲᠠᠢ ᠰᠠᠶᠢᠵᠢᠷᠠᠭᠤᠯᠵᠤ᠂ ᠨᠠᠷᠢᠯᠢᠭ ᠣᠨᠣᠪᠴᠢᠲᠠᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠢᠮ ᠲᠣᠭᠲᠠᠭᠠᠯ ᠲᠣᠭᠲᠠᠭᠠᠨ᠂ ᠡᠯ᠎ᠡ ᠵᠦᠢᠯ ᠤᠨ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |