ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ ︽ᠦᠨᠡᠨ︾ ᠰᠡᠳᠬᠦᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠤᠨ ᠨᠡᠷ᠎ᠡ ᠬᠠᠲᠠᠭᠰᠠᠨ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/6/3
      ︽ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠭᠠᠳ ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ︾᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︾᠂ ︽ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ︾ ᠭᠡᠵᠦ ᠥᠪᠥᠷ ᠮᠣᠩᠭᠤᠯ ᠢ ᠣᠯᠠᠨᠲᠠ ᠱᠠᠭᠠᠷᠳᠠᠪᠠ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ ᠪᠣᠯᠣᠨ᠎ᠠ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠷᠣᠨ ᠳᠠᠶᠠᠭᠠᠷ ᠢᠶᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠲᠠᠰᠤᠷᠠᠯᠲᠠ ᠦᠭᠡᠢ ᠬᠥᠲᠥᠯᠥᠨ ᠵᠢᠯᠣᠭᠤᠳᠤᠭᠰᠠᠨ ᠪᠥᠭᠡᠳ ᠠᠬᠢᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠤᠨ ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠮᠵᠢᠯᠲᠠ ᠣᠯᠬᠤ ᠶᠢ ᠠᠬᠢᠭᠤᠯᠪᠠ᠃      ︽ᠬᠠᠮᠠᠭᠠᠯᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠳᠡᠪᠢᠰᠬᠡᠷ ᠥᠩᠭᠡ ᠶᠢ ᠥᠳᠬᠡᠷᠡᠭᠦᠯᠪᠡ      ᠥᠪᠥᠷ ᠮᠣᠩᠭᠤᠯ ᠪᠣᠯ ᠲᠡᠦᠬᠡᠨ ᠳᠡᠭᠡᠷ᠎ᠡ ᠡᠪᠡᠰᠦ ᠪᠡᠯᠴᠢᠭᠡᠷ ᠰᠠᠬᠤᠯᠢᠭ᠂ ᠲᠠᠯ᠎ᠠ ᠳᠦᠭᠦᠷᠡᠩ ᠦᠬᠡᠷ ᠬᠤᠨᠢ ᠲᠠᠢ ᠭᠠᠵᠠᠷ ᠪᠠᠶᠢᠵᠠᠢ᠃ ︽ᠴᠡᠯᠡᠭᠡᠷ ᠲᠠᠯ᠎ᠠ ᠶᠢᠨ ᠥᠷᠥᠴᠡᠨ ᠳᠤ ᠮᠤᠨᠠ ᠠᠭᠤᠯᠠ ᠶᠢᠨ ᠬᠤᠷᠮᠣᠢ ᠳᠤ ᠬᠥᠬᠡ ᠲᠡᠭᠷᠢ ᠬᠥᠳᠡᠭᠡ ᠲᠠᠯ᠎ᠠ ᠲᠠᠢ ᠭᠦᠪᠡᠭᠡ ᠬᠢᠵᠠᠭᠠᠷ ᠵᠠᠯᠭᠠᠯᠳᠤᠭᠠᠳ ᠬᠥᠪᠴᠢᠨ ᠳᠡᠯᠡᠬᠡᠢ ᠮᠣᠩᠭᠤᠯ ᠭᠡᠷ ᠰᠢᠭ ᠬᠥᠩᠬᠦᠶᠢᠵᠦᠬᠦᠢ᠃ ᠲᠡᠭᠷᠢ ᠴᠡᠪ ᠴᠡᠯᠡᠶᠢᠨ ᠲᠠᠯ᠎ᠠ ᠨᠡᠪ ᠨᠡᠯᠦᠶᠢᠭᠡᠳ ᠡᠪᠡᠰᠦᠨ ᠤ ᠲᠣᠯᠣᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠤᠨ ᠵᠣ ᠢᠷᠠᠯᠵᠠᠨᠠᠮ︾ ᠭᠡᠳᠡᠭ ᠨᠢ ᠳᠠᠷᠤᠢ ᠡᠨᠡ ᠬᠦ ᠲᠠᠯ᠎ᠠ ᠨᠤᠲᠤᠭ ᠤᠨ ᠥᠩᠭᠡ ᠦᠵᠡᠮᠵᠢ ᠶᠢ ᠵᠢᠷᠤᠭᠯᠠᠭᠰᠠᠨ ᠰᠢᠯᠦᠭ ᠶᠤᠮ᠃ ᠠᠲᠠᠷ ᠬᠠᠭᠠᠯᠪᠤᠷᠢᠯᠠᠨ ᠲᠠᠷᠢᠶ᠎ᠠ ᠳᠠᠷᠢᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠣᠯᠠᠰᠢᠷᠠᠭᠰᠠᠨ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠯᠳᠤᠨ᠂ ᠥᠪᠥᠷ ᠮᠣᠩᠭᠤᠯ ᠤᠨ ᠠᠮᠢ ᠠᠬᠤᠢ ᠳᠤ ᠠᠭᠠᠵᠢᠮ ᠢᠶᠠᠷ ︽ᠤᠯᠠᠭᠠᠨ ᠲᠤᠭ᠎ᠠ︾ ᠢᠯᠡᠷᠡᠵᠦ᠂ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ︽ᠠᠵᠤ ᠠᠬᠤᠢ ᠶᠢ ᠬᠥᠭᠵᠢᠭᠦᠯᠬᠦ ᠳᠤ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠭᠤᠰᠤᠷᠠᠲᠠᠯ᠎ᠠ ᠰᠢᠪᠬᠠᠵᠤ ᠪᠤᠯᠬᠤ ᠦᠭᠡᠢ︾ ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠶᠢᠨ ᠰᠤᠷᠭᠠᠯ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠥᠮᠥᠨ ᠤ ᠬᠦᠴᠦ ᠪᠠᠷ ᠪᠠᠶᠢᠭᠠᠯᠢ ᠶᠢ ᠨᠥᠯᠥᠭᠡᠯᠡᠵᠦ ᠡᠪᠳᠡᠬᠦ ᠶᠢ ᠬᠠᠮᠤᠭ ᠤᠨ ᠶᠡᠭᠡ ᠴᠢᠷᠮᠠᠶᠢᠯᠭ᠎ᠠ ᠭᠠᠷᠭᠠᠨ ᠪᠠᠭᠠᠰᠬᠠᠪᠠ᠃      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠪᠡ᠃ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ᠂ ᠶᠡᠭᠡ ᠬᠡᠪᠴᠢᠶᠡᠨ ᠤ ᠤᠤᠭᠠᠯ ᠠᠮᠢ ᠠᠬᠤᠢ ᠶᠢᠨ ᠣᠷᠣᠨ ᠪᠦᠰᠡ ᠶᠢ ᠬᠠᠳᠠᠭᠠᠯᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ᠂ ᠥᠪᠥᠷ ᠮᠣᠩᠭᠤᠯ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ ᠭᠦᠢᠴᠡᠳ ᠦᠯᠡᠳᠡᠭᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠪᠢᠳᠡ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 - 2035 ᠣᠨ︶︾ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠤᠭᠰᠠᠨ ᠲᠠᠯᠠᠪᠠᠶ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠦᠭᠦ ᠣᠷᠣᠨ ᠤ ᠶᠡᠷᠦᠩᠬᠡᠢ ᠲᠠᠯᠠᠪᠠᠶ ᠶᠢᠨ ᠬᠠᠭᠠᠰ ᠠᠴᠠ ᠳᠡᠭᠡᠭᠰᠢᠬᠢ ᠶᠢ ᠡᠵᠡᠯᠡᠪᠡ; ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 885 ᠲᠦᠮᠡᠨ ᠮᠦ ᠵᠠᠭᠠᠭᠯᠠᠨ ᠲᠣᠭᠲᠠᠭᠠᠬᠤ ᠶᠢᠨ ᠬᠠᠮᠲᠤ 2021 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ  ᠠᠴᠠ ᠳᠠᠪᠠᠵᠤ ᠥᠯᠥ ᠪᠤᠯᠬᠤ ᠬᠠᠮᠢᠶᠠᠷᠤᠨ ᠡᠵᠡᠮᠳᠡᠬᠦ ᠵᠠᠭᠠᠭ ᠱᠤᠭᠤᠮ ᠪᠣᠯᠭᠠᠨ ᠲᠣᠬᠲᠠᠭᠠᠪᠠ; ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 1.33 ᠳ᠋ᠦᠩᠰᠢᠭᠤᠷ ᠮᠦ ᠠᠴᠠ ᠳᠡᠭᠡᠭᠰᠢ ᠵᠠᠭᠠᠭᠯᠠᠨ ᠲᠣᠭᠲᠠᠭᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠡᠷᠡᠰ ᠬᠤᠷᠢᠭᠯᠠᠪᠠ᠃ ᠠᠮᠢ ᠠᠬᠤᠢ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠶᠢ ᠬᠦᠴᠦᠯᠡᠨ ᠴᠢᠩᠭᠠᠳᠬᠠᠵᠤ᠂ ᠪᠦᠭᠦ ᠣᠷᠣᠨ ᠢ 1892 ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠬᠤᠪᠢᠶᠠᠵᠤ᠂ ︽ᠨᠢᠭᠡ ᠨᠢᠭᠡᠴᠢ ᠳᠤ ᠨᠢᠭᠡ ᠠᠷᠭ᠎ᠠ ᠪᠣᠳᠣᠯᠭ᠎ᠠ︾ ᠶᠣᠰᠣᠭᠠᠷ ᠵᠦᠷᠢᠶᠡᠴᠢᠯᠡᠭᠰᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ ᠵᠡᠷᠭᠡ ᠶᠢ ᠤᠷᠢᠳᠴᠢᠯᠠᠨ ᠦᠨᠡᠯᠡᠨ ᠵᠢᠱᠢᠵᠦ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ︽ᠪᠣᠬᠢᠷᠳᠤᠯ ᠦᠭᠡᠢ ᠬᠡᠮᠵᠢᠭᠦᠷ︾ ᠢ ᠡᠬᠢ ᠡᠭᠦᠰᠦᠯ ᠠᠴᠠ ᠨᠢ ᠴᠢᠩᠭᠠᠯᠠᠪᠠ᠃      ᠶᠡᠭᠡ ᠨᠤᠲᠤᠭ ᠪᠡᠯᠴᠢᠭᠡᠷ ᠶᠡᠭᠡ ᠣᠢ ᠰᠢᠭᠤᠢ ᠶᠢ ᠬᠦᠴᠦᠯᠡᠨ ᠬᠠᠮᠠᠭᠠᠯᠠᠪᠠ᠃ ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠤᠯ 8.15 ᠳ᠋ᠦᠩᠰᠢᠭᠤᠷ ᠮᠦ ᠨᠤᠲᠤᠭ ᠪᠡᠯᠴᠢᠭᠡᠷ᠂ 3.57 ᠳ᠋ᠦᠩᠰᠢᠭᠤᠷ ᠮᠦ ᠣᠶ ᠰᠢᠭᠤᠢ ᠲᠠᠢ ᠪᠠᠶᠢᠵᠤ᠂ ᠲᠠᠯᠠᠪᠠᠶ ᠨᠢ ᠲᠣᠰ ᠲᠣᠰ ᠪᠦᠭᠦ ᠤᠯᠤᠰ ᠲᠤ ᠬᠤᠶᠠᠳᠤᠭᠠᠷ᠂ ᠨᠢᠭᠡᠳᠦᠭᠡᠷ ᠲᠤ ᠣᠷᠣᠵᠤ ᠪᠠᠶᠢᠨ᠎ᠠ᠃ ᠪᠢᠳᠡ ᠨᠢᠭᠡ ᠲᠠᠯ᠎ᠠ ᠪᠠᠷ ︽ᠠᠮᠠᠷᠠᠭᠤᠯᠤᠨ ᠰᠡᠷᠭᠦᠭᠡᠬᠦ︾ ᠶᠢ ᠠᠳᠬᠤᠵᠤ᠂ ᠨᠤᠲᠤᠭ ᠪᠡᠯᠴᠢᠭᠡᠷ ᠳᠡᠭᠡᠷ᠎ᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠪᠠᠶᠢᠷᠢᠯᠠᠭᠤᠯᠤᠨ ᠠᠬᠢᠭᠤᠯᠵᠤ᠂ ᠨᠤᠲᠤᠭ ᠪᠡᠯᠴᠢᠭᠡᠷ  ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠵᠠᠰᠠᠬᠤ ᠪᠠ ᠬᠢᠯᠢ ᠬᠢᠵᠠᠭᠠᠷ ᠤᠨ ᠭᠠᠩ ᠬᠠᠭᠤᠷᠠᠢ ᠮᠠᠯᠵᠢᠬᠤ ᠣᠷᠣᠨ ᠳᠤ ᠪᠦᠬᠦᠯᠢ ᠴᠣᠭᠴᠠ ᠪᠠᠷ ᠮᠠᠯᠵᠢᠬᠤ ᠶᠢ ᠴᠠᠭᠠᠵᠠᠯᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠪᠠᠭᠤᠯᠭᠠᠬᠤ ᠪᠣᠯᠣᠨ ᠪᠡᠯᠴᠢᠭᠡᠷᠯᠡᠭᠦᠯᠬᠦ ᠶᠢ ᠵᠣᠭᠰᠣᠭᠠᠵᠤ  ᠪᠡᠯᠴᠢᠭᠡᠷ ᠢ ᠠᠮᠠᠷᠠᠭᠤᠯᠬᠤ ᠦᠷ᠎ᠡ ᠪᠦᠲᠦᠮᠵᠢ ᠲᠠᠢ ᠬᠤᠯᠪᠣᠭᠳᠠᠭᠤᠯᠬᠤ ᠶᠢ ᠠᠬᠢᠭᠤᠯᠵᠤ᠂ ᠥᠷᠭᠡᠨ ᠠᠭᠤᠳᠠᠮ ᠨᠤᠲᠤᠭ ᠪᠡᠯᠴᠢᠭᠡᠷ ᠢ ︽ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠤ ᠣᠶ ᠰᠢᠭᠤᠢ ᠳᠤ ︽ᠬᠢᠷᠦᠭᠡ ᠪᠠᠨ ᠡᠯᠭᠦᠨ ᠮᠣᠳᠣ ᠣᠭᠲᠣᠯᠬᠤ ᠪᠠᠨ ᠵᠣᠭᠰᠣᠪᠠ︾᠃ ᠨᠦᠭᠦᠭᠡ ᠲᠠᠯ᠎ᠠ ᠪᠠᠷ ︽ᠪᠣᠶᠢᠵᠢᠭᠤᠯᠬᠤ︾ ᠶᠢ ᠠᠳᠬᠤᠵᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠡᠷᠬᠡ ᠶᠢ ᠲᠣᠭᠲᠠᠭᠠᠨ ᠳᠠᠩᠰᠠᠯᠠᠬᠤ ᠶᠢ ᠪᠡᠶᠡᠯᠡᠭᠦᠯᠵᠦ᠂ ᠣᠶ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠣᠶ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ ᠤ ᠬᠠᠮᠲᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ ᠳᠤ ᠨᠣᠭᠤᠭᠠᠷᠠᠭᠤᠯᠤᠯᠲᠠ ᠬᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠣᠷᠣᠨ ᠨᠡᠶᠢᠲᠡ 1.43 ᠳ᠋ᠦᠩᠰᠢᠭᠤᠷ ᠮᠦ ᠮᠣᠳᠣ ᠳᠠᠷᠢᠵᠤ᠂ 3.55 ᠳ᠋ᠦᠩᠰᠢᠭᠤᠷ ᠮᠦ ᠡᠪᠡᠰᠦ ᠳᠠᠷᠢᠵᠤ᠂ ᠬᠡᠪᠴᠢᠶ᠎ᠡ ᠨᠢ ᠴᠥᠮ ᠪᠦᠭᠦ ᠤᠯᠤᠰ ᠲᠤ ᠲᠦᠷᠦᠭᠦᠯᠡᠪᠡ᠃      ᠬᠠᠳᠤᠨ ᠭᠤᠣᠯ ᠢ ᠰᠡᠳᠬᠢᠯ ᠲᠠᠯᠪᠢᠨ ᠰᠠᠬᠢᠨ ᠬᠠᠮᠠᠭᠠᠯᠠᠪᠠ᠃ ᠬᠠᠲᠤᠨ ᠭᠤᠣᠯ ᠤᠨ ᠶᠡᠭᠡ ᠲᠣᠬᠤᠢ ᠶᠢᠨ ᠣᠷᠣᠢ ᠶᠢᠨ ᠬᠡᠰᠡᠭ ᠨᠢ ᠥᠪᠥᠷ ᠮᠣᠩᠭᠤᠯ ᠢᠶᠠᠷ ᠤᠷᠤᠰᠤᠨ ᠥᠩᠭᠡᠷᠡᠵᠦ᠂ 843.5 ᠺᠢᠯᠣᠮᠧᠲᠷ ᠦᠷᠭᠦᠯᠵᠢᠯᠡᠵᠦ᠂ ᠬᠠᠲᠤᠨ ᠭᠤᠣᠯ ᠤᠨ ᠪᠦᠭᠦ ᠣᠷᠳᠣ ᠶᠢᠨ 1/6 ᠰᠢᠬᠠᠮ ᠢ ᠡᠵᠡᠯᠡᠵᠦ᠂ ᠰᠠᠪᠠ ᠭᠠᠵᠠᠷ ᠤᠨ ᠲᠠᠯᠠᠪᠠᠶ  ᠨᠢ 15 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠪᠦᠭᠦ ᠲᠠᠯᠠᠪᠠᠶ ᠶᠢᠨ 1/5 ᠰᠢᠬᠠᠮ ᠢ ᠡᠵᠡᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠬᠠᠳᠤᠨ ᠭᠤᠣᠯ ᠤᠨ ︿ᠶᠡᠭᠡ ᠲᠣᠬᠤᠢ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︾ ᠭᠡᠵᠦ ᠣᠯᠠᠨᠲᠠ ᠴᠢᠬᠤᠯᠠᠴᠢᠯᠠᠪᠠ᠃ ᠡᠶᠢᠮᠦ ᠠᠴᠠ᠂ ᠪᠢᠳᠡ ᠬᠠᠲᠤᠨ ᠭᠤᠣᠯ ᠳᠠᠭᠠᠤ ᠭᠠᠵᠠᠷ ᠣᠷᠣᠨ ᠤ 45% ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠴᠦᠯᠯᠡᠷᠭᠡᠭᠵᠢᠭᠰᠡᠨ ᠭᠠᠵᠠᠷ ᠰᠢᠷᠣᠢ ᠪᠠ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠠ ᠭᠡᠮ ᠰᠣᠭᠤᠭ ᠲᠠᠢ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠵᠡᠷᠭᠡ ᠶᠢ ᠵᠢᠭᠰᠠᠭᠠᠨ ᠪᠠᠶᠢᠴᠠᠭᠠᠵᠤ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠬᠠᠲᠤᠨ ᠭᠤᠣᠯ ᠤᠨ ᠭᠤᠣᠯ ᠤᠨ ᠵᠠᠮ ᠤᠨ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠢᠩᠰᠢᠶᠠ᠂ ᠱᠠᠨᠰᠢ ᠯᠤᠭ᠎ᠠ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠵᠥᠪᠯᠡᠯᠴᠡᠭᠡᠷ ᠲᠣᠭᠲᠠᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠳᠦᠷᠰᠦ ᠪᠠᠶᠢᠳᠠᠯ ᠳᠤ ᠢᠳᠡᠪᠬᠢᠲᠡᠢ ᠬᠤᠪᠢᠷᠠᠯᠲᠠ ᠭᠠᠷᠬᠤ ᠶᠢ ᠠᠬᠢᠭᠤᠯᠵᠠᠢ᠃ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠤᠰᠤᠨ ᠤ ᠴᠢᠨᠠᠷ 5 ᠵᠢᠯ ᠳᠠᠷᠠᠭᠠᠯᠠᠨⅡ ᠲᠥᠷᠥᠯ ᠤᠨ ᠰᠢᠯᠢᠳᠡᠭ ᠰᠠᠶᠢᠨ ᠲᠦᠪᠰᠢᠨ ᠳᠤ ᠬᠦᠷᠴᠦ᠂ ᠤᠯᠤᠰ ᠤᠨ ᠭᠠᠵᠠᠷ ᠳᠡᠭᠡᠷᠡᠬᠢ ᠤᠰᠤ ᠶᠢ ᠬᠢᠨᠠᠨ ᠰᠢᠯᠭᠠᠬᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ 100% ᠳᠤ ᠬᠦᠷᠴᠡᠢ᠃ ᠪᠦᠭᠦ ᠤᠯᠤᠰ ᠤᠨ ᠠᠩᠬᠠᠳᠠᠭᠴᠢ ︽ᠡᠯᠡᠰᠦ ᠶᠢ ᠬᠠᠰᠢᠵᠤ ᠤᠰᠤ ᠰᠣᠯᠢᠬᠤ︾ ᠲᠤᠷᠰᠢᠯᠲᠠ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠣᠷᠳᠣᠰ ᠬᠤᠲᠠ ᠶᠢᠨ ᠬᠢᠯᠢ ᠳᠣᠲᠣᠷᠠᠬᠢ ︽ᠠᠷᠪᠠᠨ ᠲᠣᠮᠣ ᠬᠥᠨᠳᠡᠢ︾  ᠶᠢᠨ ᠬᠠᠲᠤᠨ ᠭᠤᠣᠯ ᠤᠨ ᠡᠯᠡᠰᠦ ᠰᠢᠪᠠᠷ ᠤᠨ ᠬᠡᠮᠵᠢᠶ᠎ᠡ 2000 ᠣᠨ ᠠᠴᠠ ᠡᠮᠦᠨ᠎ᠡ  ᠵᠢᠯ ᠳᠤᠮᠳᠠᠴᠢ ᠪᠠᠷ 2700 ᠭᠠᠷᠤᠢ ᠲᠦᠮᠡᠨ ᠲᠣᠨ ᠪᠠᠶᠢᠭᠰᠠᠨ ᠠᠴᠠ ᠪᠠᠨ ᠪᠠᠭᠤᠷᠠᠭᠠᠳ ᠣᠲᠣ 400 ᠭᠠᠷᠤᠢ ᠲᠦᠮᠡᠨ ᠲᠣᠨ ᠪᠣᠯᠪᠠ᠃      ᠬᠠᠮᠠᠭᠠᠯᠠᠬᠤ ᠪᠣᠯ ᠬᠥᠭᠵᠢᠯᠲᠡ ᠶᠢᠨ ᠤᠷᠢᠲᠠᠯ ᠮᠥᠨ᠃ ᠥᠨᠥᠳᠥᠷ ᠤᠨ ᠥᠪᠥᠷ ᠮᠣᠩᠭᠤᠯ ᠳᠤ ︽ᠬᠠᠮᠠᠭᠠᠯᠠᠬᠤ︾ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠮᠠᠭᠠᠯᠠᠬᠤ︾ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠡᠳᠦᠷ ᠢᠷᠡᠬᠦᠶ᠎ᠡ ᠳᠡᠭᠡᠭᠰᠢᠯᠡᠵᠦ ᠪᠠᠶᠢᠨ᠎ᠠ᠃ ᠡᠭᠦᠨ ᠤ ᠵᠡᠷᠭᠡ ᠪᠠᠷ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠦᠵᠡᠭᠳᠡᠯ ᠪᠠ ᠠᠮᠢ ᠠᠬᠤᠢ ᠮᠠᠭᠤᠳᠠᠬᠤ᠂ ᠤᠰᠤ ᠰᠢᠷᠣᠢ ᠶᠢᠨ ᠢᠳᠡᠭᠳᠡᠯ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠵᠤ᠂ ᠶᠡᠭᠡ ᠬᠦᠴᠦ ᠣᠷᠣᠭᠤᠯᠵᠤ᠂ ᠤᠷᠳᠤ ᠤᠳᠠᠭᠠᠨ ᠵᠢᠳᠬᠦᠯ ᠴᠢᠷᠮᠠᠶᠢᠯᠭ᠎ᠠ ᠭᠠᠷᠭᠠᠵᠤ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠪᠢᠳᠡ ︽ᠬᠠᠮᠠᠭᠠᠯᠠᠬᠤ︾ ᠠᠷᠭ᠎ᠠ ᠶᠢ ᠰᠠᠶᠢᠲᠤᠷ ᠬᠡᠷᠡᠭᠯᠡᠵᠦ᠂ ᠦᠵᠡᠰᠬᠦᠯᠡᠩᠲᠦ ᠰᠠᠶᠢᠬᠠᠨ ᠠᠭᠤᠯᠠ ᠤᠰᠤ ᠰᠠᠶᠢᠨ ᠰᠠᠶᠢᠬᠠᠨ ᠠᠮᠢ ᠠᠬᠤᠢ ᠶᠢ ᠰᠠᠶᠢᠲᠤᠷ ᠰᠠᠬᠢᠨ ᠬᠠᠮᠠᠭᠠᠯᠠᠵᠤ᠂ ︽ᠥᠩᠭᠡ ᠶᠢᠨ ᠴᠡᠴᠡᠭ ᠰᠣᠯᠣᠩᠭᠠᠷᠠᠵᠤ︾᠂ ︽ᠤᠰᠤᠨ ᠪᠣᠯᠣᠷ ᠭᠤᠣᠯ ᠲᠤᠨᠤᠯᠵᠠᠬᠤ︾ ᠦᠵᠡᠰᠬᠦᠯᠡᠩᠲᠦ ᠰᠠᠶᠢᠬᠠᠨ ᠦᠵᠡᠮᠵᠢ ᠶᠢ ᠤᠮᠠᠷᠠᠲᠤ ᠬᠢᠯᠢ ᠳᠤ ᠥᠨᠢᠳᠡ ᠰᠦᠨᠳᠡᠷᠯᠡᠭᠦᠯᠦᠨ᠎ᠡ᠃      ︽ᠵᠠᠰᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ      ᠶᠡᠷᠦᠩᠬᠡᠢ ᠱᠦᠵᠢ ᠰᠢ ᠶᠢᠨ ᠫᠢᠩ᠂ ︽ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠭᠰᠡᠨ ᠵᠠᠰᠠᠯᠲᠠ ᠬᠢᠬᠦ ᠬᠡᠷᠡᠭᠲᠡᠢ︾ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ᠂ ᠠᠮᠢ ᠠᠬᠤᠢ ᠣᠷᠴᠢᠨ ᠲᠣᠭᠤᠷᠢᠨ ᠤ ᠰᠠᠭᠤᠷᠢ ᠶᠢ ᠬᠠᠮᠠᠭᠠᠯᠠᠨ ᠪᠠᠬᠢᠵᠢᠭᠦᠯᠬᠦ ᠳᠤ ᠲᠦᠰᠢᠭᠯᠡᠬᠦ ᠪᠥᠭᠡᠳ ᠪᠠᠰᠠ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠡᠪᠡᠷᠰᠢᠶᠡᠯ ᠢ ᠵᠠᠰᠠᠬᠤ ᠳᠤ ᠲᠦᠰᠢᠭᠯᠡᠬᠦ ᠬᠡᠷᠡᠭᠲᠡᠢ᠃ ᠡᠶᠢᠮᠦ ᠠᠴᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠪᠢᠳᠡ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃      ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠪᠡ᠃ ᠶᠡᠷᠦᠩᠬᠡᠢ ᠱᠦᠵᠢ ᠰᠢ ᠶᠢᠨ ᠫᠢᠩ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠠᠶᠢᠭᠤᠯᠤᠯᠲᠠ ᠶᠢ ᠢᠮᠠᠭᠲᠠ ᠰᠠᠨᠠᠭᠠᠯᠵᠠᠭᠰᠠᠭᠠᠷ ᠢᠷᠠᠵᠠᠢ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠤᠷᠢᠶᠠᠯᠠᠭ᠎ᠠ ᠭᠠᠷᠭᠠᠵᠤ᠂ 10 ᠵᠢᠯ ᠰᠢᠬᠠᠮ ᠤᠨ ᠴᠠᠭ ᠢ ᠬᠡᠷᠡᠭᠰᠡᠵᠦ ᠪᠠᠶᠢᠭᠠᠳ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠳᠠᠮᠵᠢ ᠨᠢ ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ ᠣᠷᠳᠣ ᠴᠠᠭᠠᠨ ᠬᠡᠷᠡᠮ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ ᠪᠢᠳᠡ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ 60% ᠶᠢᠨ ᠡᠭᠦᠷᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠢᠯ ᠪᠦᠷᠢ ᠭᠠᠵᠠᠷ ᠭᠡᠰᠬᠦ ᠲᠠᠢ ᠵᠡᠷᠭᠡ ᠪᠠᠷᠠᠭᠤᠨ ᠠᠴᠠ ᠵᠡᠭᠦᠨ᠂ ᠡᠮᠦᠨ᠎ᠡ ᠠᠴᠠ ᠤᠮᠠᠷ᠎ᠠ ᠭᠦᠷᠲᠡᠯ᠎ᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠶᠡᠭᠡ ᠬᠠᠮᠲᠤᠷᠠᠭᠰᠠᠨ ᠳᠠᠶᠢᠯᠠᠯᠳᠤᠭᠠᠨ︾ ᠢ ᠪᠦᠭᠦ ᠲᠠᠯ᠎ᠠ ᠪᠠᠷ ᠥᠷᠨᠢᠭᠦᠯᠵᠦ᠂ ᠡᠯᠡᠰᠦᠨ ᠲᠡᠯᠡᠶ ᠳᠤ ᠬᠡᠰᠡᠭ ᠪᠤᠰᠠᠭ ᠦᠷᠭᠦᠯᠵᠢᠯᠡᠭᠰᠡᠨ ᠡᠯᠡᠰᠦᠨ ᠬᠠᠯᠬᠠᠪᠴᠢ ᠭᠠᠷᠭᠠᠵᠤ᠂ ᠮᠤᠷᠤᠯᠵᠠᠨ ᠵᠢᠭᠳᠡᠷᠡᠭᠰᠡᠨ ᠴᠢᠬᠢ ᠮᠣᠳᠣ ᠵᠠᠶᠢᠯᠠᠪᠠ᠃ 2023 ᠣᠨ᠂ 2024 ᠣᠨ ᠳᠤ ᠲᠣᠰ ᠲᠣᠰ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ 950 ᠲᠦᠮᠡᠨ ᠮᠦ᠂ 1954 ᠲᠦᠮᠡᠨ ᠮᠦ ᠳᠤ ᠬᠦᠷᠭᠡᠵᠦ᠂ ᠡᠯᠡᠰᠦ ᠶᠢ ᠵᠠᠰᠠᠬᠤ ᠡᠭᠦᠷᠭᠡ ᠪᠠᠷ ᠨᠡᠯᠢᠶᠡᠳ ᠪᠠᠭ᠎ᠠ 6 ᠬᠤᠰᠢᠭᠤ ᠰᠢᠶᠠᠨ ᠢ ᠪᠦᠭᠦᠨ ᠢ ᠵᠠᠰᠠᠵᠤ ᠳᠠᠭᠤᠰᠬᠠᠨ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠬᠢᠴᠠ ᠶᠢ 80% ᠳᠤ ᠬᠦᠷᠭᠡᠪᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ 2024 ᠣᠨ ᠳᠤ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠵᠤ᠂ ᠬᠥᠪᠴᠢ ᠶᠢᠨ ᠡᠯᠡᠰᠦ ᠶᠢᠨ ᠬᠠᠲᠤᠨ ᠭᠤᠣᠯ ᠤᠨ ᠣᠷᠣᠨ ᠪᠦᠰᠡ ᠳᠠᠭᠠᠤ ᠨᠢᠭᠡ ᠵᠤᠷᠪᠤᠰ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾ ᠢ ᠪᠠᠶᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ ᠲᠠᠯ᠎ᠠ ᠪᠠᠷ ᠤᠯᠠᠨ ᠠᠰᠢᠭ ᠢ ᠪᠡᠶᠡᠯᠡᠭᠦᠯᠪᠡ᠃ ᠡᠨᠡ ᠵᠢᠯ 2000 ᠲᠦᠮᠡᠨ ᠮᠦ ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠠᠷ ᠲᠥᠯᠥᠪᠯᠡᠵᠦ᠂ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠰᠡᠭ ᠣᠷᠣᠨ ᠳᠤ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠤᠨ ᠡᠯᠡᠰᠦ ᠶᠢ ᠵᠠᠰᠠᠬᠤ ᠪᠦᠰᠡ᠂ ᠡᠯᠡᠰᠦ ᠶᠢ ᠡᠮᠵᠢᠶᠡᠷᠢᠯᠡᠬᠦ ᠤᠢ ᠶᠢᠨ ︽ᠳᠥᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠲᠤ ᠪᠠᠬᠢ ᠪᠠᠶᠢᠭᠤᠯᠵᠤ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠰᠡᠭ ᠣᠷᠣᠨ ᠳᠤ ︽ᠰᠢᠷᠭᠠᠯ ᠡᠯᠡᠰᠦ ᠶᠢ ᠰᠥᠨᠥᠭᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ ᠳᠣᠲᠣᠷ᠎ᠠ ᠳᠠᠭᠢᠨ 9 ᠬᠤᠰᠢᠭᠤ ᠰᠢᠶᠠᠨ ᠤ ᠨᠡᠭᠦᠳᠡᠯ ᠡᠯᠡᠰᠦᠷᠬᠡᠭ ᠭᠠᠵᠠᠷ ᠢ ᠪᠦᠭᠦᠨ ᠢ ᠰᠥᠨᠥᠭᠡᠬᠦ ᠪᠠᠷ ᠴᠢᠷᠮᠠᠶᠢᠵᠤ᠂ ᠾᠧᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠵᠠᠬ᠎ᠠ ᠭᠦᠪᠡᠭᠡ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ ᠬᠡᠰᠡᠭ ᠣᠷᠣᠨ ᠳᠤ ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠶᠢᠨ ᠡᠯᠡᠰᠦᠨ ᠤ ᠵᠠᠬ᠎ᠠ ᠭᠦᠪᠡᠭᠡ ᠳᠤ ᠰᠠᠯᠬᠢ ᠶᠢ ᠰᠡᠷᠭᠡᠶᠢᠯᠡᠨ ᠡᠯᠡᠰᠦ ᠶᠢ ᠬᠤᠷᠢᠭᠯᠠᠬᠤ ᠪᠦᠰᠡ ᠶᠢᠨ 431 ᠺᠢᠯᠣᠮᠧᠲᠷ  ᠤᠨ ᠲᠠᠰᠤᠯᠳᠠᠯ ᠴᠡᠭ ᠢ ᠨᠥᠬᠦᠪᠦᠷᠢᠯᠡᠵᠦ᠂ ᠭᠤᠷᠪᠠᠨ ᠶᠡᠭᠡ ᠡᠯᠡᠰᠦᠨ ᠳᠤ ︽ᠨᠣᠭᠤᠭᠠᠨ ᠬᠦᠵᠦᠭᠦᠪᠴᠢ︾ ᠵᠡᠭᠦᠯᠭᠡᠪᠡ᠃ ᠨᠢᠭᠡ ᠴᠣᠭᠴᠠᠵᠢᠭᠤᠯᠬᠤ ᠢᠨᠵᠧᠨᠧᠷᠢᠩ ᠳᠤ 1500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠪᠠᠶᠢᠭᠤᠯᠵᠤ᠂ 140 ᠲᠦᠮᠡᠨ ᠮᠦ ᠠᠴᠠ ᠳᠡᠭᠡᠭᠰᠢ ᠡᠯᠡᠰᠦ ᠶᠢ ᠲᠥᠭᠦᠷᠵᠢᠭᠦᠯᠦᠨ ᠵᠠᠰᠠᠪᠠ᠃      ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠪᠡ᠃ ᠡᠨᠡ ᠪᠣᠯ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠲᠣᠭᠤᠷᠢᠵᠤ ᠭᠠᠷᠴᠤ ᠳᠡᠶᠢᠯᠭᠦ ᠦᠭᠡᠢ᠂ ᠵᠠᠶᠢᠯᠠᠵᠤ ᠴᠤ ᠳᠡᠶᠢᠯᠭᠦ ᠦᠭᠡᠢ᠂ ᠡᠷᠬᠡᠪᠰᠢ ᠰᠠᠶᠢᠲᠤᠷ ᠬᠢᠬᠦ ᠴᠢᠬᠤᠯᠠᠲᠠᠢ ᠳᠠᠶᠢᠯᠠᠯᠳᠤᠭᠠᠨ ᠪᠣᠯᠣᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠥᠪᠥᠷ ᠮᠣᠩᠭᠤᠯ ᠤᠨ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠡᠷᠡᠰ ᠰᠠᠬᠢᠨ ᠬᠠᠮᠠᠭᠠᠯᠠᠪᠠ᠃ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ ᠳᠣᠪᠤᠶᠢᠯᠭᠠᠵᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠᠷ ᠭᠤᠣᠯ ᠲᠡᠶᠢᠨ ᠤ ᠲᠠᠯᠠᠪᠤᠷ ᠪᠤᠯᠭᠠᠵᠤ᠂ ᠨᠠᠮᠤᠷ ᠡᠪᠦᠯ ᠤᠨ ᠤᠯᠠᠷᠢᠯ ᠢᠶᠠᠷ ᠭᠤᠣᠯᠳᠠᠯᠭ᠎ᠠ ᠲᠠᠢ ᠴᠠᠭ ᠬᠤᠭᠤᠴᠠᠭ᠎ᠠ ᠪᠤᠯᠭᠠᠵᠤ᠂ ᠣᠷᠣᠨ ᠪᠦᠰᠡ ᠶᠢᠨ ᠪᠣᠬᠢᠷᠳᠤᠯ ᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠭᠠᠳᠠᠭᠰᠢᠯᠠᠭᠤᠯᠬᠤ ᠶᠢ ᠦᠷᠭᠦᠯᠵᠢᠯᠡᠨ ᠪᠠᠭᠠᠰᠬᠠᠪᠠ᠃ 2024 ᠣᠨ ᠳᠤ ᠪᠦᠭᠦ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 99.2% ᠲᠤ ᠬᠦᠷᠴᠦ᠂ ᠬᠢᠨᠠᠨ ᠬᠡᠮᠵᠢᠭᠰᠡᠨ ᠲᠡᠮᠳᠡᠭᠯᠡᠯ ᠬᠢᠭᠰᠡᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠢ ᠡᠭᠦᠳᠴᠡᠢ᠃ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠤᠰᠤᠨ ᠤ ᠠᠮᠢ ᠠᠬᠤᠢ ᠶᠢᠨ ᠵᠠᠰᠠᠯᠲᠠ ᠶᠢᠨ ᠳᠣᠲᠣᠭᠠᠳᠤ ᠵᠢᠮ᠎ᠡ ᠬᠠᠤᠯᠢ ᠪᠠ ᠵᠢᠮ᠎ᠡ ᠶᠣᠰᠣ ᠶᠢ ᠭᠦᠨᠵᠡᠭᠡᠢ ᠰᠤᠳᠤᠯᠵᠤ᠂ ᠤᠰᠤᠨ ᠤ ᠣᠷᠴᠢᠨ ᠲᠣᠭᠤᠷᠢᠨ ᠤ ᠵᠠᠰᠠᠯᠲᠠ ᠪᠠᠷ ᠭᠤᠣᠯ ᠪᠤᠯᠭᠠᠵᠤ ᠪᠠᠶᠢᠭᠰᠠᠨ ᠠᠴᠠ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠬᠦ ᠲᠡᠶᠢᠰᠢ ᠬᠤᠪᠢᠷᠠᠭᠤᠯᠵᠤ᠂ ᠬᠥᠯᠥᠨ ᠨᠠᠭᠤᠷ᠂ ᠲᠠᠭ᠎ᠠ ᠶᠢᠨ ᠨᠠᠭᠤᠷ ᠤᠨ ᠤᠰᠤᠨ ᠣᠷᠣᠨ ᠤ ᠲᠠᠯᠠᠪᠠᠶ ᠶᠢ ᠵᠦᠢ ᠵᠣᠬᠢᠰᠲᠠᠢ ᠣᠷᠣᠨ ᠪᠠᠶᠢᠷᠢ ᠳᠤ ᠲᠣᠭᠲᠠᠪᠤᠷᠢᠵᠢᠭᠤᠯᠵᠤ᠂ ᠤᠯᠠᠭᠠᠨᠰᠤᠬᠠᠢ ᠨᠠᠭᠤᠷ ᠤᠨ ᠲᠥᠪ ᠤᠨ ᠣᠭᠲᠣᠯᠣᠭᠠᠰᠤ ᠶᠢᠨ ᠤᠰᠤᠨ ᠤ ᠴᠢᠨᠠᠷ ᠢ Ⅳ ᠲᠥᠷᠥᠯ ᠳᠤ ᠬᠦᠷᠭᠡᠵᠦ᠂ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾ ᠤᠨ ︽ᠭᠠᠳᠠᠷ ᠳᠦᠷᠢ ᠲᠥᠷᠬᠦ︾ ᠪᠠ ︽ᠳᠣᠲᠣᠭᠠᠳᠤ ᠳᠦᠷᠢ ᠲᠥᠷᠬᠦ︾ ᠶᠢ ᠢᠯᠡᠳᠲᠡ ᠳᠡᠭᠡᠭᠰᠢᠯᠡᠭᠦᠯᠪᠡ᠃ 2024 ᠣᠨ ᠳᠤ᠂ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷⅢ ᠲᠥᠷᠥᠯ ᠤᠨ ᠤᠰᠤᠨ ᠴᠣᠭᠴᠠ ᠶᠢᠨ ᠬᠠᠷᠢᠴᠠᠯ ᠳᠤ ᠭᠦᠷᠦᠭᠰᠡᠨ ᠪᠤᠶᠤ ᠲᠡᠭᠦᠨ ᠠᠴᠠ ᠰᠠᠶᠢᠨ ᠪᠠᠶᠢᠬᠤ ᠬᠠᠷᠢᠴᠠᠯ ᠨᠢ 80.2% ᠪᠠᠶᠢᠵᠤ᠂ 2014 ᠣᠨ ᠤ ᠬᠢ ᠠᠴᠠ ᠵᠠᠭᠤᠨ ᠤ ᠬᠠᠷᠢᠴᠠᠯ ᠢᠶᠠᠷ 22.5 ᠬᠤᠪᠢ ᠳᠡᠭᠡᠭᠰᠢᠯᠡᠪᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠬᠤᠲᠠ ᠬᠥᠳᠡᠭᠡ ᠶᠢᠨ ᠬᠤᠭ ᠨᠣᠪᠰᠢ ᠶᠢ ᠬᠤᠣᠷ ᠦᠭᠡᠶᠢᠳᠡᠭᠦᠯᠦᠨ  ᠰᠢᠢᠳᠪᠦᠷᠢᠯᠡᠬᠦ ᠶᠢ ᠠᠬᠢᠭᠤᠯᠵᠤ᠂ ᠤᠰᠤ ᠪᠣᠷᠳᠣᠭᠤᠷ ᠪᠦᠷᠬᠦᠭᠦᠯ ᠡᠮ ︽ᠳᠥᠷᠪᠡ ᠶᠢ ᠡᠵᠡᠮᠳᠡᠬᠦ︾ ᠶᠢ ᠬᠡᠷᠡᠭᠵᠢᠭᠦᠯᠵᠦ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠪᠠ᠃      ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠥᠪᠥᠷ ᠮᠣᠩᠭᠤᠯ ᠠᠮᠢ ᠠᠬᠤᠢ ᠶᠢᠨ ᠰᠢᠰᠲ᠋ᠧᠮ ᠤᠨ ︽ᠪᠦᠬᠦᠯᠢ ᠴᠣᠭᠴᠠ ᠪᠠᠷ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠬᠤᠪᠢᠷᠠᠯᠲᠠ ᠶᠢ ᠪᠡᠶᠡᠯᠡᠭᠦᠯᠪᠡ᠃ ᠬᠤᠶᠢᠰᠢᠳᠠ ᠮᠥᠨ ᠬᠦ ︽ᠵᠠᠰᠠᠬᠤ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠢᠶᠠᠯ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠷᠴᠢ ᠵᠣᠷᠢᠭ ᠢᠶᠠᠨ ᠬᠥᠪᠴᠢᠯᠡᠨ᠂ ᠴᠢᠷᠮᠠᠶᠢᠨ ᠪᠣᠭᠤᠮᠲᠠ ᠰᠢᠪᠲᠤᠯᠵᠤ᠂ ᠨᠡᠩ ᠤᠯᠠᠨ ︽ᠬᠠᠮᠠᠷ ᠬᠠᠳᠬᠤᠬᠤ ᠡᠪᠡᠰᠦ ᠦᠭᠡᠢ ᠭᠠᠵᠠᠷ︾ ᠢ ︽ᠬᠥᠮᠥᠨ ᠤ ᠣᠷᠴᠢᠯᠠᠩ ᠤᠨ ᠨᠣᠭᠤᠭᠠᠨ ᠪᠦᠷᠢᠳᠦ︾ ᠪᠣᠯᠭᠠᠨ᠎ᠠ᠃ ᠨᠠᠷᠢᠯᠢᠭ ᠣᠨᠣᠴᠠᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠪᠣᠳᠠᠰ ᠢ ᠭᠡᠲᠦ ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠶᠢ ᠭᠡᠲᠦ ᠮᠠᠯᠲᠠᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠲᠣᠪᠣᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠳᠦᠷᠢᠮ ᠲᠣᠭᠲᠠᠭᠠᠯ ᠲᠣᠭᠲᠠᠭᠠᠵᠤ᠂ ᠵᠠᠰᠠᠯᠲᠠ ᠶᠢ ᠲᠡᠭᠦᠯᠳᠡᠷᠵᠢᠭᠦᠯᠦᠨ᠂ ᠥᠪᠥᠷ ᠮᠣᠩᠭᠤᠯ ᠤᠨ ᠡᠬᠡ ᠭᠠᠵᠠᠷ ᠲᠤ ᠬᠥᠬᠡᠮᠳᠦᠭ ᠠᠭᠤᠯᠠ ᠥᠨᠢᠳᠡ ᠰᠦᠨᠳᠡᠷᠯᠡᠵᠦ᠂ ᠨᠣᠮᠢᠨ ᠤᠰᠤ ᠥᠨᠢᠳᠡ ᠤᠷᠤᠰᠴᠤ᠂ ᠠᠭᠤᠷ ᠠᠮᠢᠰᠬᠤᠯ ᠥᠨᠢᠳᠡ ᠰᠢᠨ᠎ᠡ ᠰᠣᠷᠭᠤᠭ ᠪᠠᠶᠢᠬᠤ ᠪᠣᠯᠭᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ