ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠬᠦᠷᠴᠤ ᠢᠷᠡᠬᠦ ᠪᠠᠷ ᠯᠤᠤᠲᠤ ᠣᠩᠭᠤᠴᠠ ᠤᠷᠤᠯᠳᠤᠨ ᠽᠦᠩᠽᠢ ᠶᠢᠨ ᠦᠨᠦᠷ ᠬᠠᠩᠬᠤᠯᠤᠨ᠎ᠠ᠃ ᠽᠦᠩᠽᠢ | ᠪᠠᠷᠢᠵᠤ᠂ ᠯᠤᠤᠲᠤ ᠣᠩᠭᠤᠴᠠ ᠤᠷᠤᠯᠳᠤᠵᠤ᠂ ᠰᠤᠶᠢᠬ᠎ᠠ ᠡᠪᠡᠰᠦ ᠡᠯᠭᠦᠵᠤ᠂ ᠦᠨᠦᠷᠲᠦ ᠤᠭᠤᠲᠠ ᠬᠢᠵᠤ᠂ ᠲᠠᠪᠤᠨ ᠥᠩᠭᠡᠲᠦ ᠤᠳᠠᠰᠤ ᠭᠦᠷᠦᠨ᠎ᠠ ᠁ ᠡᠨᠡ | ᠡᠳᠦᠷ᠂ ᠳᠤᠮᠳᠠᠳᠤ ᠶᠢᠨ ᠬᠥᠪᠡᠭᠦᠳ ᠥᠬᠢᠳ ᠠᠳᠠᠯᠢ ᠪᠤᠰᠤ ᠬᠡᠯᠪᠡᠷᠢ ᠪᠠᠷ ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ ᠠᠵᠢᠯᠯᠠᠭ᠎ᠠ ᠳᠤᠮᠳᠠ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠥᠪᠡᠷᠮᠢᠴᠡ ᠰᠣᠶᠣᠯ ᠤᠨ ᠷᠢᠳᠢ ᠰᠢᠳᠢ ᠶᠢ ᠰᠤᠨᠢᠷᠬᠠᠨ᠎ᠠ᠃ | ᠮᠠᠨ ᠤ ᠤᠯᠤᠰ ᠤᠨ ᠳᠥᠷᠪᠡᠨ ᠶᠡᠭᠡ ᠤᠯᠠᠮᠵᠢᠯᠠᠯᠲᠤ ᠳᠤᠷᠠᠰᠬᠠᠯ ᠤᠨ ᠡᠳᠦᠷ ᠤᠨ ᠨᠢᠭᠡ ᠪᠣᠯᠤᠭᠰᠠᠨ ᠤ ᠬᠤᠪᠢ ᠳᠤ᠂ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ ᠪᠣᠯ ᠠᠩᠬᠠᠳᠠᠭᠴᠢ ᠳᠡᠯᠡᠬᠡᠶ ᠶᠢᠨ ᠪᠣᠳᠠᠰ ᠤᠨ ᠪᠤᠰᠤ ᠰᠣᠶᠣᠯ ᠤᠨ ᠥᠪ ᠲᠤ ᠰᠣᠩᠭᠤᠭᠳᠠᠭᠰᠠᠨ ᠪᠠᠶᠠᠷ ᠲᠤᠷᠠᠰᠬᠠᠯ ᠤᠨ ᠡᠳᠦᠷ ᠮᠥᠨ᠂ ᠲᠡᠷᠡ ᠨᠢ ᠣᠯᠠᠨ | ᠶᠠᠩᠵᠤ ᠶᠢᠨ ᠪᠥᠭᠡᠳ ᠭᠦᠨ ᠵᠤᠵᠠᠭᠠᠨ ᠤᠯᠠᠮᠵᠢᠯᠠᠯᠲᠤ ᠰᠣᠶᠣᠯ ᠢ ᠠᠴᠢᠶᠠᠯᠠᠵᠤ᠂ ᠲᠦᠢᠯ ᠤᠨ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠲᠠᠢ ᠶᠤᠮ᠃ | ᠲᠠᠬᠢᠯᠭ᠎ᠠ ᠬᠢᠵᠤ ᠳᠠᠭᠠᠳᠬᠠᠬᠤ ᠵᠠᠩ ᠦᠢᠯᠡ ᠠᠴᠠ ᠡᠪᠡᠳᠴᠢᠨ ᠲᠠᠬᠤᠯ ᠭᠠᠢ ᠪᠠᠷᠴᠢᠳ ᠢ ᠠᠷᠢᠯᠭᠠᠬᠤ ᠠᠵᠢᠯᠯᠠᠭ᠎ᠠ ᠪᠤᠯᠤᠭᠰᠠᠨ᠂ ᠳᠠᠬᠢᠭᠠᠳ ᠴᠢᠦᠢ ᠶᠤᠸᠠᠨ ᠵᠡᠷᠭᠡ | ᠲᠡᠦᠬᠡᠲᠦ ᠬᠥᠮᠦᠰ ᠢ ᠳᠤᠷᠠᠰᠬᠠᠬᠤ ᠳᠣᠮᠤᠭ ᠶᠠᠷᠢᠶ᠎ᠠ ᠪᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠡᠯᠭᠡᠳᠡᠯ ᠲᠠᠰᠤᠷᠠᠯᠲᠠ ᠦᠭᠡᠢ ᠥᠷᠭᠡᠵᠢᠵᠦ᠂ ᠪᠢᠯᠢᠭ ᠤᠨ | ᠤᠯᠠᠷᠢᠯ ᠤᠨ ᠲᠠᠪᠤᠨ ᠰᠠᠷ᠎ᠠ ᠶᠢᠨ ᠬᠠᠮᠤᠭ ᠤᠨ ᠤᠳᠬ᠎ᠠ ᠠᠭᠤᠯᠭ᠎ᠠ ᠲᠠᠢ ᠪᠠᠶᠠᠷ ᠲᠤᠷᠠᠰᠬᠠᠯ ᠤᠨ ᠡᠳᠦᠷ ᠪᠣᠯᠵᠠᠢ᠃ ᠰᠢᠯᠦᠭᠴᠢᠳ ᠤᠨ ᠪᠠᠶᠠᠷ ᠲᠤᠷᠠᠰᠬᠠᠯ ᠤᠨ ᠡᠲᠤᠷ | ᠂ ᠯᠤᠤᠳᠤ ᠤᠩᠭᠤᠴᠠᠨ ᠤ ᠪᠠᠶᠠᠷ ᠲᠤᠷᠠᠰᠬᠠᠯ ᠤᠨ ᠡᠲᠤᠷ ᠁ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠦᠩᠭᠡᠷᠡᠭᠰᠡᠨ ᠤ ᠠᠯᠢ ᠤᠯᠠᠨ ᠨᠡᠷᠡᠶᠢᠳᠦᠯ ᠪᠠ ᠴᠠᠭ | ᠬᠤᠭᠤᠴᠠᠭ᠎ᠠ ᠶᠢ ᠦᠩᠭᠡᠷᠡᠭᠡᠬᠡᠳ᠂ ᠡᠨᠡ ᠬᠦ ᠡᠷᠲᠡᠨ ᠤ ᠪᠠᠶᠠᠷ ᠲᠤᠷᠠᠰᠬᠠᠯ ᠤᠨ ᠡᠳᠦᠷ ᠨᠢ ᠣᠯᠠᠨ ᠤᠳᠭ᠎ᠠ ᠠᠭᠤᠯᠭ᠎ᠠ ᠲᠠᠢ ᠪᠤᠯᠤᠭᠰᠠᠨ ᠢ ᠮᠡᠳᠡᠵᠦ ᠪᠤᠯᠬᠤ ᠶᠤᠮ᠃ | ᠥᠨᠥᠳᠦᠷ ᠪᠣᠯᠬᠤ ᠳᠤ᠂ ᠡᠯᠪᠡᠭ ᠪᠠᠶᠠᠯᠢᠭ ᠠᠭᠤᠯᠤᠭᠳᠠᠬᠤᠨ ᠲᠠᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯᠲᠤ ᠵᠠᠩ ᠳᠠᠳᠬᠠᠯ ᠨᠢ ᠪᠠᠶᠠᠷ | ᠲᠤᠷᠠᠰᠬᠠᠯ ᠤᠨ ᠡᠳᠦᠷ ᠤᠨ ᠰᠣᠶᠣᠯ ᠤᠨ ᠠᠭᠤᠷ ᠠᠮᠢᠰᠬᠤᠯ ᠢ ᠦᠳᠬᠡᠷᠡᠬᠦᠯᠵᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤᠷᠠᠰᠬᠠᠯ ᠤᠨ ᠰᠣᠶᠣᠯ ᠢ ᠤᠯᠠᠮᠵᠢᠯᠠᠬᠤ ᠨᠢ ᠳᠥᠭᠦᠮᠬᠡᠨ ᠢᠶᠠᠷ ᠡᠷᠲᠡᠨ ᠤ ᠬᠢ ᠶᠢ ᠰᠡᠷᠭᠦᠭᠡᠨ | ᠥᠩᠭᠡᠷᠡᠭᠰᠡᠨ ᠢᠶᠠᠨ ᠰᠠᠨᠠᠭᠠᠯᠵᠠᠬᠤ᠂ ᠬᠠᠭᠤᠴᠢᠨ ᠢ ᠪᠠᠷᠢᠮᠲᠠᠯᠠᠬᠤ ᠶᠠᠪᠤᠳᠠᠯ ᠲᠡᠳᠦᠢ ᠪᠢᠰᠢ᠂ ᠬᠠᠷᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠦᠩᠭᠡᠷᠡᠭᠰᠡᠨ ᠤ | ᠰᠠᠭᠤᠷᠢᠨ ᠳᠡᠭᠡᠷ᠎ᠠ ᠰᠢᠨ᠎ᠡ ᠶᠢ ᠡᠭᠦᠳᠬᠦ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠯᠠᠯᠲᠠ᠂ ᠤᠯᠤᠰ ᠤᠨ ᠬᠡᠪ ᠨᠠᠮᠪᠠ ᠲᠠᠢ | ᠴᠤᠭᠯᠠᠭ᠎ᠠ ᠮᠠᠶᠢᠮᠠᠢ᠂ ᠯᠤᠤᠲᠤ ᠣᠩᠭᠤᠴᠠ ᠶᠢᠨ ᠤᠷᠤᠯᠳᠤᠭᠠᠨ᠂ ᠲᠠᠯ᠎ᠠ ᠨᠤᠲᠤᠭ ᠤᠨ ᠡᠯᠤᠺᠳ᠋ᠷᠤᠨ ᠬᠦᠭᠵᠢᠮ᠂ ᠰᠣᠶᠣᠯ ᠤᠨ ᠬᠦᠷᠢᠶᠡᠯᠡᠩ᠂ ᠲᠦᠳᠡᠭ ᠭᠠᠯ ᠲᠠᠢ | ᠬᠡᠭᠡᠷ᠎ᠡ ᠶᠢᠨ ᠪᠠᠭᠤᠳᠠᠯ᠂ ᠠᠷᠠᠳ ᠤᠨ ᠳᠠᠭᠤᠤ ᠶᠢᠨ ᠤᠷᠤᠯᠳᠤᠭᠠᠨ ᠁ ᠬᠡᠯᠪᠡᠷᠢ ᠤᠯᠠᠨ ᠶᠠᠩᠵᠤ ᠶᠢᠨ᠂ ᠭᠤᠶᠢᠳᠠ ᠰᠠᠶᠢᠬᠠᠨ ᠰᠣᠶᠣᠯ ᠵᠢᠭᠤᠯᠴᠢᠯᠠᠯ ᠤᠨ | ᠠᠵᠢᠯᠯᠠᠭ᠎ᠠ᠂ ᠵᠠᠩ ᠦᠢᠯᠡ ᠶᠢᠨ ᠰᠢᠨ᠎ᠡ ᠦᠵᠡᠭᠳᠡᠯ᠂ ᠤᠶᠤᠨᠴᠢᠯᠠᠬᠰᠠᠨ ᠰᠢᠨ᠎ᠡ ᠠᠴᠢᠶᠠᠯᠠᠪᠤᠷᠢ ᠵᠡᠷᠭᠡ ᠨᠢ ᠬᠥᠮᠦᠰ ᠲᠤ ᠪᠠᠶᠠᠷ ᠲᠤᠷᠠᠰᠬᠠᠯ ᠤᠨ ᠡᠳᠦᠷ ᠤᠨ ᠭᠦᠨ | ᠵᠤᠵᠠᠭᠠᠨ ᠰᠣᠶᠣᠯ ᠤᠨ ᠦᠨᠦᠷ ᠠᠮᠲᠠ ᠶᠢ ᠡᠳ᠋ᠯᠡᠭᠦᠯᠵᠦ᠂ ᠪᠠᠰᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠰᠢᠨ᠎ᠠ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ | ᠴᠠᠭ ᠦᠶ᠎ᠡ ᠶᠢᠨ ᠰᠢᠨ᠎ᠡ ᠬᠦᠭ ᠠᠶᠠᠯᠭᠤ ᠶᠢ ᠤᠯᠭᠤᠪᠠ᠃ | ᠵᠠᠩ ᠦᠢᠯᠡ ᠴᠠᠭ ᠦᠶ᠎ᠠ ᠶᠢ ᠲᠠᠭᠠᠨ ᠬᠤᠪᠢᠷᠠᠵᠤ᠂ ᠦᠶ᠎ᠡ ᠶᠢᠨ ᠦᠶ᠎ᠡ ᠤᠯᠠᠮᠵᠢᠯᠠᠬᠳᠠᠨ ᠳᠠᠮᠵᠢᠬᠳᠠᠨᠠ᠃ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠵᠤ᠂ ᠤᠯᠠᠮᠵᠢᠯᠠᠯ ᠪᠠ ᠣᠲᠣ ᠦᠶ᠎ᠡ ᠶᠢ ᠬᠠᠷᠢᠯᠴᠠᠨ ᠠᠭᠤᠰᠤᠯᠴᠠᠭᠤᠯᠵᠤ᠂ ᠠᠷᠠᠳ ᠤᠨ ᠵᠠᠩ ᠦᠢᠯᠡ ᠪᠠ ᠰᠢᠨ᠎ᠠ ᠴᠠᠭ ᠤᠨ ᠤᠷᠤᠰᠬᠠᠯ ᠢ | ᠤᠶᠠᠯᠳᠤᠭᠤᠯᠪᠠᠯ᠂ ᠤᠯᠠᠮᠵᠢᠯᠠᠯᠲᠤ ᠪᠠᠶᠠᠷ ᠤᠨ ᠡᠳᠦᠷ ᠯᠠᠪᠲᠠᠶ ᠣᠲᠣ ᠦᠶ᠎ᠡ ᠶᠢᠨ ᠠᠮᠢᠳᠤᠷᠠᠯ ᠳᠤ ᠨᠠᠩ ᠰᠠᠶᠢᠨ ᠠᠭᠤᠰᠤᠯᠴᠠᠵᠤ᠂ ᠬᠥᠮᠦᠰ ᠲᠤ ᠨᠠᠩ ᠣᠯᠠᠨ | ᠣᠶᠤᠨ ᠰᠠᠨᠠᠭᠠᠨ ᠤ ᠰᠢᠮ᠎ᠡ ᠲᠡᠵᠢᠭᠡᠯ ᠪᠠ ᠬᠦᠴᠦᠨ ᠴᠢᠳᠠᠯ ᠬᠠᠩᠭᠠᠬᠤ ᠪᠣᠯᠤᠨ᠎ᠠ᠃ |