ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/6/3
      ᠮᠠᠯ ᠤᠨ ᠡᠮ ᠤᠨ ᠪᠦᠬᠦ ᠬᠡᠯᠬᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠳᠬᠦᠨ ᠤ ᠪᠠᠷᠢᠮᠵᠢᠶ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ᠂ ᠰᠦᠯᠵᠢᠶᠡᠨ ᠤ ᠲᠣᠭᠲᠠᠭᠠᠯ ᠠᠴᠠ ᠵᠥᠷᠢᠴᠡᠨ ᠮᠠᠯ ᠤᠨ ᠡᠮ ᠡᠵᠡᠩᠨᠡᠬᠦ ᠪᠠ ᠲᠣᠭᠲᠠᠭᠠᠯ ᠠᠴᠠ ᠵᠥᠷᠢᠴᠡᠨ ᠡᠮ ᠬᠡᠷᠡᠭᠯᠡᠬᠦ ᠵᠡᠷᠭᠡ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠢᠲᠠᠨ ᠤ ᠡᠷᠡᠭᠦᠯ ᠮᠡᠨᠳᠦ ᠶᠢ ᠬᠠᠮᠠᠭᠠᠯᠠᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠣᠶᠢᠷ᠎ᠠ ᠳᠤ ᠬᠠᠷᠢᠶ᠎ᠠ ᠣᠷᠣᠨ ᠳᠤ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃
6.3疾控.png
      ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 5 ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ ᠮᠠᠯ ᠤᠨ ᠡᠮ ᠤᠨ ᠦᠢᠯᠡᠳᠪᠦᠷᠢ ᠠᠴᠠ ᠭᠠᠷᠤᠭᠰᠠᠨ ᠪᠠᠶᠢᠴᠠᠭᠠᠯᠲᠠ ᠶᠢᠨ ᠮᠡᠳᠡᠭᠦᠯᠦᠯᠲᠡ᠂ ᠲᠡᠮᠳᠡᠭ ᠪᠠ ᠲᠣᠳᠣᠷᠬᠠᠶᠢᠯᠠᠯᠲᠠ ᠶᠢᠨ ᠪᠢᠴᠢᠭ ᠨᠢ ᠵᠢᠷᠤᠮᠵᠢᠭᠤᠨ ᠪᠠᠶᠢᠬᠤ ᠡᠰᠡᠬᠦ᠂ ᠪᠠᠷᠠᠭᠠᠨ ᠤ ᠲᠠᠯᠪᠢᠭᠤᠷ ᠳᠡᠭᠡᠷ᠎ᠡ ᠬᠠᠭᠤᠷᠮᠠᠭ ᠮᠠᠭᠤ ᠮᠠᠯ ᠤᠨ ᠡᠮ᠂ ᠲᠠᠷᠢᠶᠠᠨ ᠡᠮ ᠪᠤᠶᠤ ᠬᠤᠭᠤᠴᠠᠭ᠎ᠠ ᠠᠴᠠ ᠬᠡᠲᠦᠷᠡᠭᠰᠡᠨ ᠡᠮ ᠤᠨ ᠵᠦᠢᠯ ᠪᠠᠶᠢᠬᠤ ᠡᠰᠡᠬᠦ᠂ ᠬᠥᠮᠥᠷᠭᠡ ᠳᠤ ᠪᠣᠷᠣᠯᠠᠭᠤᠯᠤᠭᠰᠠᠨ ᠮᠡᠳᠡᠭᠡ ᠵᠠᠩᠭᠢ ᠨᠢ ᠮᠠᠯ ᠤᠨ ᠡᠮ ᠤᠨ ᠮᠥᠷᠳᠡᠨ ᠤᠬᠤᠴᠢᠯᠠᠬᠤ ᠬᠤᠶᠠᠷ ᠬᠡᠮᠵᠢᠯᠳᠦ ᠺᠣᠳ᠋ ᠤᠨ ᠰᠢᠰᠲ᠋ᠧᠮ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠨᠢᠭᠡᠨᠲᠡ ᠠᠵᠤ ᠠᠬᠤᠶᠢᠯᠠᠯ ᠳᠤ ᠮᠡᠳᠡᠭᠳᠡᠬᠦ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠬᠠᠷᠢᠶ᠎ᠠ ᠣᠷᠣᠨ ᠳᠠᠬᠢ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠮᠠᠯ ᠤᠨ ᠡᠮ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠠᠮᠢᠲᠠᠨ ᠤ ᠡᠷᠡᠭᠦᠯ ᠮᠡᠨᠳᠦ ᠶᠢ ᠬᠠᠮᠠᠭᠠᠯᠠᠵᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ