ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/3
      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠬᠤᠭᠤᠯᠠᠨ ᠬᠡᠷ ᠤᠨ ᠴᠡᠭ ᠲᠣᠭᠲᠠᠭᠠᠨ ᠬᠤᠳᠠᠯᠳᠤᠨ ᠠᠪᠬᠤ ᠪᠠᠷᠠᠭ᠎ᠠ ᠬᠠᠩᠭᠠᠬᠤ ᠬᠤᠳᠠᠯᠳᠤᠭᠠᠴᠢᠨ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠭᠤᠤᠯᠳᠠᠯᠭ᠎ᠠ ᠲᠠᠢ ᠴᠢᠩᠭᠠᠳᠬᠠᠬᠤ ᠶᠢᠨ ᠲᠥᠯᠥᠭᠡ᠂ ︽ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠠᠰᠤ ᠴᠢᠨᠠᠷ ᠲᠠᠷᠬᠠᠭᠠᠭᠰᠠᠨ ︹2020︺ 276 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 5 ᠰᠠᠷ᠎ᠠ ᠶᠢᠨ 29 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨᠡᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠬᠠᠮᠲᠤᠷᠠᠨ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠴᠡᠭ ᠲᠣᠭᠲᠠᠭᠠᠨ ᠬᠤᠳᠠᠯᠳᠤᠨ ᠠᠪᠴᠤ ᠪᠠᠷᠠᠭ᠎ᠠ ᠬᠠᠩᠭᠠᠬᠤ ᠬᠤᠳᠠᠯᠳᠤᠭᠠᠴᠢᠨ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠡᠵᠡᠩᠨᠡᠯᠲᠡ ᠶᠢᠨ ᠭᠤᠤᠯ ᠴᠣᠭᠴᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠡᠷᠴᠢᠮ ᠢ ᠴᠢᠩᠭᠠᠷᠠᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠲᠤᠰᠬᠠᠶ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ