ᠨᠢᠭᠡ᠂ ᠭᠤᠣᠯ ᠭᠠᠷᠤᠯᠲᠠ ᠶᠢᠨ ᠭᠠᠵᠠᠷ | ᠬᠠᠷᠠᠴᠢᠨ ᠬᠤᠰᠢᠭᠤᠨ ᠤ ᠤᠯᠠᠭᠠᠨ ᠨᠠᠷᠠᠰᠤᠨ ᠲᠡᠯᠳᠡᠦ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠠᠷᠠᠴᠢᠨ | ᠬᠤᠰᠢᠭᠤᠨ ᠤ ᠮᠡᠶᠢᠷᠡᠨ ᠪᠠᠯᠭᠠᠰᠤ᠂ ᠸᠠᠩ ᠤᠨ ᠣᠷᠳᠣᠨ ᠪᠠᠯᠭᠠᠰᠤ᠂ ᠰᠢᠶᠣᠣ ᠨᠢᠦ ᠴᠢᠶᠦ᠋ᠨ ᠪᠠᠯᠭᠠᠰᠤ ᠠᠴᠠ ᠭᠠᠷᠤᠯᠲᠠ ᠲᠠᠢ᠃ | ᠬᠤᠶᠠᠷ᠂ ᠣᠷᠴᠢᠨ ᠲᠣᠭᠤᠷᠢᠨ ᠤ ᠳᠠᠪᠠᠭᠤᠯᠢᠭ | ᠬᠠᠷᠠᠴᠢᠨ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠡᠮᠦᠨ᠎ᠡ | ᠬᠡᠰᠡᠭ ᠲᠤ ᠪᠠᠶᠢᠷᠢᠯᠠᠵᠤ᠂ ᠶᠠᠨᠱᠠᠨ ᠠᠭᠤᠯᠠ ᠶᠢᠨ ᠰᠢᠰᠲ᠋ᠧᠮ ᠤᠨ ᠴᠢ ᠯᠣᠣ ᠲᠤ ᠠᠭᠤᠯᠠ ᠨᠢᠷᠤᠭᠤ ᠶᠢᠨ ᠵᠡᠭᠦᠨ ᠬᠤᠶᠢᠲᠤ ᠬᠤᠷᠮᠣᠢ ᠳᠤ ᠪᠠᠶᠢᠷᠢᠯᠠᠵᠤ᠂ ᠳᠤᠮᠳᠠ | ᠰᠡᠷᠢᠭᠦᠨ ᠪᠦᠰᠡ ᠶᠢᠨ ᠵᠠᠷᠢᠮᠳᠤᠭ ᠭᠠᠩ ᠬᠠᠭᠤᠷᠠᠢ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠣᠶᠢᠲᠤ | ᠭᠠᠵᠠᠷ ᠤᠨ ᠡᠬᠢ ᠪᠠᠶᠠᠯᠢᠭ ᠪᠠ ᠪᠠᠶᠢᠭᠠᠯᠢ ᠶᠢᠨ ᠳᠠᠪᠠᠭᠤᠯᠢᠭ ᠣᠷᠴᠢᠨ ᠲᠣᠭᠤᠷᠢᠨ ᠲᠠᠢ ᠪᠠᠶᠢᠳᠠᠭ᠃ ᠣᠶ ᠰᠢᠭᠤᠢ ᠶᠢᠨ ᠪᠦᠷᠬᠦᠴᠡ ᠨᠢ 80% ᠳᠤ ᠬᠦᠷᠴᠦ᠂ | ᠣᠶ ᠶᠢᠨ ᠬᠤᠷᠮᠣᠢ ᠶᠢᠨ ᠭᠠᠵᠠᠷ ᠰᠢᠷᠣᠢ ᠶᠢᠨ ᠢᠯᠵᠢᠮᠡᠭ ᠡᠳ᠋ ᠤᠨ ᠳᠠᠪᠬᠤᠷᠭ᠎ᠠ ᠨᠢ ᠵᠤᠵᠠᠭᠠᠨ᠂ ᠣᠷᠭᠠᠨᠢᠭ ᠪᠣᠳᠠᠰ ᠤᠨ ᠠᠭᠤᠯᠤᠭᠳᠠᠴᠠ ᠨᠢ ᠥᠨᠳᠥᠷ᠂ ᠵᠢᠯ ᠤᠨ | ᠨᠡᠷᠡᠨ ᠤ ᠲᠤᠰᠤᠯᠲᠠ ᠨᠢ 2700 — 3000 ᠴᠠᠭ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 3 — 6℃᠂ ᠵᠢᠯ ᠤᠨ ᠲᠤᠨᠳᠠᠰᠤ ᠨᠢ 500 | ᠮᠢᠯᠢᠮᠧᠳ᠋ᠷ ᠣᠷᠴᠢᠮ ᠪᠠᠶᠢᠵᠤ᠂ ᠵᠢᠯ ᠤᠨ ᠳᠤᠮᠳᠠᠴᠢ ᠬᠠᠷᠢᠴᠠᠩᠭᠤᠢ ᠴᠢᠭᠢᠭᠲᠦᠴᠡ ᠨᠢ 60% ᠪᠠᠶᠢᠵᠤ᠂ ᠬᠢᠷᠠᠭᠤ ᠦᠭᠡᠢ ᠬᠤᠭᠤᠴᠠᠭ᠎ᠠ ᠨᠢ 95 — 145 ᠡᠳᠦᠷ | ᠪᠠᠶᠢᠵᠤ᠂ ᠳᠥᠷᠪᠡᠨ ᠤᠯᠠᠷᠢᠯ ᠲᠣᠳᠣᠷᠬᠠᠢ ᠪᠠᠶᠢᠳᠠᠭ᠃ | ᠭᠤᠷᠪᠠ᠂ ᠶᠠᠰᠤ ᠴᠢᠨᠠᠷ ᠤᠨ ᠣᠨᠴᠠᠯᠢᠭ | ᠬᠠᠷᠠᠴᠢᠨ ᠬᠤᠰᠢᠭᠤᠨ ᠤ ᠤᠯᠠᠭᠠᠨ ᠨᠠᠷᠠᠰᠤᠨ ᠲᠡᠯᠳᠡᠦ ᠶᠢᠨ ᠬᠡᠯᠪᠡᠷᠢ ᠨᠢ ᠲᠦᠪ ᠲᠡᠭᠰᠢ᠂ ᠲᠡᠯᠳᠡᠦ ᠶᠢᠨ ᠪᠦᠷᠬᠦᠭᠡᠰᠦ ᠨᠢ ᠭᠥᠯᠢᠭᠡᠷ᠂ ᠬᠦᠷᠡᠩ ᠥᠩᠭᠡᠲᠡᠢ᠂ | ᠲᠡᠯᠳᠡᠦ ᠶᠢᠨ ᠪᠠᠷᠢᠭᠤᠯ ᠨᠢ ᠴᠠᠭᠠᠨ᠂ ᠪᠡᠶ᠎ᠡ ᠶᠢᠨ ᠣᠷᠳᠣ ᠨᠢ 6 — 8 ᠰᠠᠨᠲ᠋ᠢᠮᠧᠳ᠋ᠷ᠂ ᠲᠠᠩ ᠬᠦᠨᠳᠦ ᠨᠢ 70 — 100 ᠭᠷᠡᠮ᠂ ᠮᠢᠬ᠎ᠠ ᠨᠢ ᠨᠢᠭᠲᠠ ᠴᠢᠩᠭ᠎ᠠ | ᠂ ᠲᠡᠯᠳᠡᠦ ᠰᠡᠩᠭᠢᠨᠡᠮ᠎ᠡ ᠦᠨᠦᠷ ᠬᠠᠩᠬᠤᠯᠵᠤ᠂ ᠪᠤᠯᠭᠤᠭᠰᠠᠨ ᠢᠳᠡᠭᠡᠨ ᠨᠢ ᠵᠦᠭᠡᠯᠡᠨ ᠮᠥᠷᠲᠡᠭᠡᠨ ᠠᠮᠲᠠᠲᠠᠢ ᠪᠠᠶᠢᠳᠠᠭ᠃ | ᠬᠠᠷᠠᠴᠢᠨ ᠬᠤᠰᠢᠭᠤᠨ ᠤ ᠤᠯᠠᠭᠠᠨ ᠨᠠᠷᠠᠰᠤᠨ ᠲᠡᠯᠳᠡᠦ ᠶᠢᠨ ᠰᠢᠮ᠎ᠡ ᠲᠡᠵᠢᠭᠡᠯ ᠡᠯᠪᠡᠭ᠂ ᠦᠨᠦᠷ ᠠᠮᠲᠠ ᠥᠳᠬᠡᠨ᠂ ᠺᠠᠯᠢ᠂ ᠢᠳᠡᠭᠡᠨ ᠤ ᠰᠢᠷᠬᠡᠭᠯᠢᠭ᠂ | ᠰᠣᠷᠭᠤᠭ ᠰᠢᠪᠲᠦᠷᠲᠦ ᠬᠦᠴᠢᠯ᠂ ᠡᠧᠷᠭᠤᠲ᠋ᠢᠨ ᠤ ᠬᠦᠬᠦᠷ᠂ ᠣᠯᠠᠨᠴᠢ ᠰᠢᠬᠢᠷ ᠤᠨ ᠠᠭᠤᠯᠤᠭᠳᠠᠴᠠ ᠨᠢ ᠪᠦᠷ ᠯᠠᠪᠯᠠᠯᠲᠠ ᠶᠢᠨ ᠬᠡᠮᠵᠢᠭᠳᠡᠯ ᠠᠴᠠ ᠥᠨᠳᠥᠷ ᠪᠠᠶᠢᠳᠠᠭ᠃ | ᠵᠢᠷᠦᠬᠡᠨ ᠲᠢᠲᠢᠮ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠰᠢᠩᠭᠡᠭᠡᠯᠲᠡ ᠶᠢ ᠰᠠᠶᠢᠵᠢᠷᠠᠭᠤᠯᠬᠤ᠂ ᠣᠶᠣᠨ ᠰᠠᠨᠠᠭᠠᠨ ᠤ ᠶᠠᠳᠠᠷᠠᠯ ᠢ ᠬᠥᠩᠭᠡᠷᠡᠭᠦᠯᠬᠦ ᠵᠡᠷᠭᠡ | ᠡᠷᠡᠭᠦᠯᠵᠢᠯ ᠤᠨ ᠦᠢᠯᠡᠳᠦᠯ ᠲᠠᠢ᠃ | ᠳᠥᠷᠪᠡ᠂ ᠰᠢᠨ᠎ᠡ ᠰᠣᠷᠭᠤᠭ ᠢᠶᠠᠷ ᠬᠠᠳᠠᠭᠠᠯᠠᠬᠤ ᠪᠠ ᠢᠳᠡᠬᠦ ᠠᠷᠭ᠎ᠠ | ᠰᠢᠨ᠎ᠡ ᠰᠣᠷᠭᠤᠭ ᠪᠠᠶᠢᠯᠭᠠᠬᠤ ᠠᠷᠭ᠎ᠠ᠄ ᠰᠣᠷᠭᠤᠭ ᠲᠡᠯᠳᠡᠦ ᠶᠢ ᠬᠦᠢᠲᠡᠨ ᠢᠶᠠᠷ ᠬᠠᠳᠠᠭᠠᠯᠠᠵᠤ᠂ ᠴᠠᠭ ᠲᠤᠬᠠᠢ ᠳᠤᠨᠢ ᠢᠳᠡᠬᠦ ᠶᠢ ᠰᠠᠨᠠᠭᠤᠯᠤᠨ᠎ᠠ︔ ᠬᠠᠳᠠᠭᠠᠭᠰᠠᠨ | ᠲᠡᠯᠳᠡᠦ ᠶᠢ ᠰᠡᠷᠢᠭᠦᠨ ᠬᠠᠭᠤᠷᠠᠢ ᠭᠠᠵᠠᠷ ᠲᠤ ᠨᠢᠭᠲᠠ ᠪᠢᠲᠡᠭᠦᠮᠵᠢᠯᠡᠵᠦ ᠬᠠᠳᠠᠭᠠᠯᠠᠨ᠎ᠠ᠃ | ᠲᠠᠨᠢᠯᠴᠠᠭᠤᠯᠬᠤ ᠢᠳᠡᠬᠦ ᠠᠷᠭ᠎ᠠ᠄ ᠤᠯᠠᠭᠠᠨ ᠨᠠᠷᠠᠰᠤᠨ ᠲᠡᠯᠳᠡᠦ ᠶᠢ ᠮᠢᠬ᠎ᠠ ᠲᠠᠢ ᠬᠠᠭᠤᠷᠠᠬᠤ᠃ |