ᠪᠦᠬᠡᠪᠠᠶᠠᠷ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ᠂ ᠳᠠᠬᠢᠨ ᠠᠰᠢᠭᠯᠠᠬᠤ ᠤᠰᠤ ᠶᠢ ᠡᠭᠡᠭᠦᠯᠦᠨ ᠬᠡᠷᠡᠭᠯᠡᠬᠦ ᠵᠡᠷᠭᠡ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/4
      6 ᠰᠠᠷ᠎ᠠ ᠶᠢᠨ 3 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠬᠢᠭᠡᠳ ᠬᠠᠮᠠᠭᠠᠯᠠᠯᠲᠠ᠂ ᠭᠤᠤᠯ ᠤᠨ ᠵᠠᠮ ᠢ ᠵᠠᠰᠠᠬᠤ᠂ ᠳᠠᠬᠢᠨ ᠠᠰᠢᠭᠯᠠᠬᠤ ᠤᠰᠤ ᠤᠰᠤ ᠶᠢ ᠡᠭᠡᠭᠦᠯᠦᠨ ᠬᠡᠷᠡᠭᠯᠡᠬᠦ ᠵᠢᠴᠢ ᠭᠤᠤᠯ ᠪᠠᠯᠭᠠᠰᠤᠨ ᠤ ᠲᠣᠭᠤᠷᠢᠭ ᠤᠨ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠣᠯᠣᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠪᠦᠬᠡᠪᠠᠶᠠᠷ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠲᠠ ᠪᠠᠯᠭᠠᠰᠤᠨ ᠤ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠨᠠᠶᠢᠳᠠᠪᠤᠷᠢᠲᠠᠶ ᠣᠳᠣᠬᠢᠴᠢᠯᠠᠭᠰᠠᠨ ᠤᠰᠤ ᠵᠠᠯᠠᠬᠤ ᠰᠢᠰᠲ᠋ᠧᠮ ᠢ ᠪᠠᠶᠢᠭᠤᠯᠵᠤ᠂ ᠪᠣᠬᠢᠷ ᠤᠰᠤ ᠶᠢ ᠴᠤᠭᠯᠠᠭᠤᠯᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ ᠂ ᠪᠣᠷᠣᠭᠠᠨ ᠤ ᠤᠯᠠᠷᠢᠯ ᠳᠤ ᠬᠤᠲᠠ ᠪᠠᠯᠭᠠᠰᠤ ᠶᠢᠨ ᠤᠰᠤ ᠬᠤᠷᠠᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠷᠣᠭᠠᠨ ᠤ ᠤᠯᠠᠷᠢᠯ ᠤᠨ ᠠᠵᠢᠯᠯᠠᠭᠠᠨ ᠤ ᠳᠠᠭᠠᠭᠠᠴᠠ ᠶᠢ ᠪᠠᠭᠠᠰᠬᠠᠬᠤ ᠬᠡᠷᠡᠭᠲᠡᠶ᠃ ᠳᠠᠬᠢᠨ ᠠᠰᠢᠭᠯᠠᠬᠤ ᠤᠰᠤ ᠶᠢ ᠡᠭᠡᠭᠦᠯᠦᠨ ᠬᠡᠷᠡᠭᠯᠡᠬᠦ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠬᠢᠷ ᠤᠰᠤ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ᠂ ᠳᠠᠬᠢᠨ ᠠᠰᠢᠭᠯᠠᠬᠤ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠳᠠᠬᠢᠨ ᠠᠰᠢᠭᠯᠠᠬᠤ ᠤᠰᠤᠨ ᠤ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠵᠤ᠂ ᠤᠰᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠳᠠ ᠶᠢᠨ ᠶᠠᠪᠤᠳᠠᠯ ᠵᠡᠷᠭᠡ ᠬᠦᠷᠢᠶᠡᠨ ᠳᠠᠬᠢ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠳᠠᠬᠢᠨ ᠠᠰᠢᠭᠯᠠᠬᠤ ᠤᠰᠤ ᠶᠢ ᠭᠠᠳᠠᠭᠰᠢᠯᠠᠭᠤᠯᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠠᠭᠤᠷᠠᠢ ᠵᠠᠮ ᠤᠨ ᠠᠮᠢᠵᠢᠷᠠᠯ ᠤᠨ ᠬᠦᠴᠦᠨ ᠢ ᠲᠠᠬᠢᠨ ᠪᠠᠳᠠᠷᠠᠭᠤᠯᠬᠤ ᠬᠡᠷᠡᠭᠲᠡᠢ᠃ ᠬᠤᠳᠠ ᠶᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠪᠠ ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠤᠨ ᠲᠠᠷᠠᠭ᠎ᠠ᠂ ᠪᠦᠬᠡᠪᠠᠶᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠬᠦᠳᠡᠭᠡ ᠨᠠᠭᠤᠷ ᠴᠡᠴᠡᠷᠯᠢᠭ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ᠂ ᠲᠦᠭᠡᠭᠡᠯ ᠤᠰᠤᠨ ᠤ ᠦᠢᠯᠡᠳᠪᠦᠷᠢ᠂ ᠨᠡᠶᠢᠲᠡ ᠶᠢᠨ ᠣᠩᠭᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠵᠢᠯᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ