ᠪᠦᠭᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ ᠬᠦᠷᠴᠡᠢ
ᠨᠡᠶᠢᠲᠡᠯᠡᠭᠰᠡᠨ ᠴᠠᠭ᠄
2025/6/4
      ᠲᠦᠷᠦᠭᠦᠬᠡᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.76 ᠲᠦᠮᠡᠨ ᠬᠥᠮᠥᠨ ᠨᠡᠮᠡᠭᠳᠡᠵᠡᠢ᠃      ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ︽ᠳᠠᠭᠠᠳᠬᠠᠯ ᠳᠤ ᠣᠷᠣᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠳᠡᠭᠡᠷ᠎ᠡ ᠳᠣᠣᠷ᠎ᠠ ᠱᠠᠲᠤ ᠬᠠᠮᠵᠢᠯᠴᠠᠵᠤ᠂ ᠲᠠᠪᠤᠨ ᠱᠠᠲᠤ ᠬᠤᠯᠪᠤᠭᠠᠯᠠᠨ ᠬᠥᠳᠡᠯᠦᠯᠴᠡᠬᠦ︾ ᠪᠠᠷ ᠭᠠᠷᠳᠠᠴᠠ ᠪᠤᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠳᠠᠭᠠᠳᠬᠠᠯ ᠳᠤ ᠣᠷᠤᠯᠴᠠᠬᠤ ᠶᠠᠪᠤᠴᠠ ᠶᠢ ᠵᠢᠯᠤᠭᠤᠳᠴᠤ᠂ ᠲᠤᠬᠠᠢ ᠶᠢᠨ ᠲᠠᠯᠠᠪᠠᠶ ᠳᠤ ᠰᠦᠢᠳᠬᠡᠯ ᠲᠤᠰᠢᠶᠠᠬᠤ ᠶᠠᠪᠤᠴᠠ ᠶᠢ ᠰᠠᠶᠢᠲᠤᠷ ᠣᠶᠢᠯᠠᠭᠠᠬᠤ ᠦᠭᠡᠢ᠂ ᠰᠦᠢᠳᠬᠡᠯ ᠲᠤᠰᠢᠶᠠᠬᠤ ᠭᠠᠷᠳᠠᠮ ᠢ ᠬᠡᠷᠬᠢᠨ ᠭᠦᠢᠴᠡᠳᠬᠡᠬᠦ ᠶᠢ ᠮᠡᠳᠡᠬᠦ ᠦᠭᠡᠢ ᠬᠥᠮᠥᠰ ᠲᠤ ᠬᠠᠪᠰᠤᠷᠤᠯᠭ᠎ᠠ ᠦᠵᠡᠭᠦᠯᠵᠦ᠂ ᠨᠠᠰᠤᠲᠠᠶᠢᠴᠤᠳ ᠵᠡᠮᠳᠡᠭᠴᠦᠳ ᠵᠡᠷᠭᠡ ᠣᠨᠴᠠᠭᠠᠶ ᠬᠥᠮᠥᠰ ᠲᠤ ᠴᠢᠭᠯᠡᠭᠦᠯᠦᠨ᠂ ᠴᠠᠭ ᠲᠤᠬᠠᠢ ᠳᠤᠨᠢ ᠴᠠᠬᠢᠮ ᠴᠢᠮᠡᠭᠡ ᠶᠠᠪᠤᠭᠤᠯᠵᠤ ᠰᠦᠢᠳᠬᠡᠯ ᠲᠤᠰᠢᠶᠠᠬᠤ ᠶᠢ ᠰᠠᠨᠠᠭᠤᠯᠬᠤ ᠶᠢᠨ ᠬᠠᠮᠲᠤ᠂ ᠳᠠᠭᠠᠳᠬᠠᠯ ᠳᠤ ᠣᠷᠣᠯᠴᠠᠬᠰᠠᠨ ︽ᠬᠠᠮᠢᠶᠠᠷᠤᠭᠴᠢ︾ ᠪᠣᠯᠵᠤ᠂ ᠲᠤᠬᠠᠢ ᠶᠢᠨ ᠲᠠᠯᠠᠪᠠᠢ ᠳᠤ ᠣᠷᠣᠯᠠᠨ ᠲᠤᠰᠢᠶᠠᠬᠤ ᠪᠤᠶᠤ ᠮᠠᠲᠠᠭ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠭᠠᠳᠠᠭᠰᠢ ᠭᠠᠷᠤᠭᠰᠠᠨ ᠪᠤᠶᠤ ᠭᠠᠳᠠᠭᠰᠢ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠲᠤ ᠴᠠᠭ ᠲᠤᠬᠠᠢ ᠳᠤᠨᠢ ᠰᠠᠨᠠᠭᠤᠯᠵᠤ᠂ ᠰᠦᠯᠵᠢᠶ᠎ᠡ ᠪᠠᠷ ᠳᠠᠮᠵᠢᠨ ᠣᠯᠠᠨ ᠲᠦᠮᠡᠨ ᠢ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠭᠤᠯᠵᠠᠢ᠃      ᠡᠭᠦᠨ ᠤ ᠬᠠᠮᠲᠤ᠂ ᠮᠠᠨ ᠤ ᠣᠷᠣᠨ ᠪᠠᠰᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠣᠷᠣᠯᠠᠨ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠪᠠᠷ ᠲᠣᠰᠬᠤᠨ ᠤ ᠠᠷᠠᠳ ᠲᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠶᠢ ᠵᠣᠷᠢᠭᠵᠢᠭᠤᠯᠵᠤ᠂ ᠨᠠᠰᠤᠲᠠᠶᠢᠴᠤᠳ᠂ ᠵᠡᠮᠳᠡᠭᠴᠦᠳ ᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠠᠪᠲᠠᠷᠡᠭᠦᠯᠵᠦ᠂ ︽ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠤᠨ ᠳᠠᠭᠠᠳᠬᠠᠯ ᠳᠤ ᠣᠷᠤᠯᠴᠠᠬᠤ ᠠᠵᠢᠯᠯᠠᠭ᠎ᠠ︾ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ 54.4 ᠲᠦᠮᠡᠨ ᠰᠤᠷᠤᠬᠴᠢᠳ ᠳᠠᠭᠠᠳᠬᠠᠯ ᠳᠤ ᠣᠷᠣᠯᠴᠠᠵᠤ᠂ 129.6 ᠲᠦᠮᠡᠨ ᠣᠨᠴᠠ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠵᠡᠷᠭᠡ ᠣᠷᠣᠯᠭ᠎ᠠ ᠪᠠᠭᠠᠲᠠᠢ ᠬᠥᠮᠥᠰ ᠲᠤ ︽ᠭᠤᠶᠤᠴᠢᠯᠠᠮᠠᠭᠴᠠ ᠭᠦᠷᠳᠡᠭᠦ︾ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠳᠠᠭᠠᠳᠬᠠᠯ ᠳᠤ ᠣᠷᠤᠯᠴᠠᠬᠤ ᠦᠢᠯᠡᠴᠢᠯᠡᠭᠡ ᠬᠦᠷᠲᠡᠭᠡᠪᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ