ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠥᠪᠡᠷᠳᠠᠭᠡᠨ ᠵᠠᠰᠠᠬᠤ ᠣᠷᠣᠨ ᠳᠤ ᠵᠢᠷᠭᠤᠳᠤᠭᠠᠷ ᠪᠦᠯᠤᠭ᠌ ᠤᠨ 30 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠣᠰᠢᠶᠠᠵᠠᠢ
ᠨᠡᠶᠢᠲᠡᠯᠡᠭᠰᠡᠨ ᠴᠠᠭ᠄
2025/6/4
      6 ᠰᠠᠷ᠎ᠠ  ᠶᠢᠨ 3 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠥᠪᠣᠷ ᠮᠤᠩᠭᠤᠯ ᠤᠨ ᠦᠪᠡᠷᠳᠡᠭᠡᠨ ᠵᠠᠰᠠᠬᠤ ᠤᠷᠣᠨ ᠳᠤ ᠵᠢᠷᠭᠤᠳᠤᠭᠠᠷ ᠪᠦᠯᠦᠭ ᠤᠨ ᠵᠠᠬᠢᠳᠡᠯ ᠰᠤᠷᠪᠣᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ 30 ᠬᠡᠷᠡᠭ ︵ᠭᠤᠣᠯᠳᠠᠯᠭ᠎ᠠ ᠲᠠᠢ ᠠᠩᠬᠠᠷᠬᠤ 5 ᠬᠤᠪᠢ︶ ᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠲᠡᠰᠤ  ᠪᠠᠷ ᠢᠯᠡᠴᠢᠯᠡᠨ ᠮᠡᠳᠡᠭᠦᠯᠦᠭᠰᠠᠨ ᠬᠡᠷᠡᠭ 22 ᠬᠤᠪᠢ ᠂ ᠵᠠᠬᠢᠳᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 8 ᠬᠤᠪᠢ ᠪᠣᠢ᠃ ᠲᠣᠰ ᠪᠦᠯᠥᠭ ᠤᠨ ᠵᠠᠬᠢᠳᠡᠯ ᠰᠤᠷᠪᠣᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠥᠬᠡᠬᠤᠳᠠ ᠳᠤ ᠬᠤᠯᠪᠣᠭᠲᠠᠬᠤ 4 ᠬᠤᠪᠢ᠂ ᠪᠣᠭᠤᠲᠤ ᠬᠤᠲᠠ ᠳᠤ ᠬᠤᠯᠪᠣᠭᠳᠠᠬᠤ 3 ᠬᠤᠪᠢ᠂ ᠬᠦᠯᠤᠨ ᠪᠣᠶᠢᠷ ᠬᠤᠲᠠ ᠳᠤ ᠬᠤᠯᠪᠣᠭᠳᠠᠬᠤ 4 ᠬᠤᠪᠢ᠂ ᠲᠦᠩᠯᠢᠶᠣᠣ ᠬᠤᠲᠠ ᠳᠤ ᠬᠤᠯᠪᠣᠭᠳᠠᠬᠤ 7 ᠬᠤᠪᠢ᠂ ᠤᠯᠠᠭᠠᠨᠬᠠᠳᠠ ᠬᠤᠲᠠ ᠳᠤ ᠬᠤᠯᠪᠣᠭᠳᠠᠬᠤ 3 ᠬᠤᠪᠢ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 1 ᠬᠤᠪᠢ᠂ ᠣᠯᠠᠭᠠᠨᠴᠠᠪ ᠬᠤᠲᠠ ᠳᠤ ᠬᠤᠯᠪᠣᠭᠳᠠᠬᠤ 1 ᠬᠤᠪᠢ᠂ ᠤᠷᠳᠤᠰ ᠬᠤᠲᠠ ᠳᠤ ᠬᠤᠯᠪᠣᠭᠳᠠᠬᠤ 4 ᠬᠤᠪᠢ᠂ ᠪᠠᠶᠠᠨᠨᠠᠭᠤᠷ ᠬᠤᠲᠠ ᠳᠤ ᠬᠤᠯᠪᠣᠭᠲᠠᠬᠤ 1 ᠬᠤᠪᠢ᠂ ᠦᠬᠠᠢ ᠬᠤᠲᠠ ᠳᠤ ᠬᠤᠯᠪᠣᠭᠳᠠᠬᠤ 1 ᠬᠤᠪᠢ᠂ ᠠᠯᠠᠱᠠ ᠠᠶᠢᠮᠠᠭ ᠲᠤ ᠬᠤᠯᠪᠣᠭᠲᠠᠬᠤ 1 ᠬᠤᠪᠢ ᠪᠣᠢ᠃ ᠲᠣᠰ ᠪᠦᠯᠦᠭ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠲᠤ ᠤᠰᠤᠨ ᠤ ᠪᠤᠬᠢᠷᠳᠤᠯ ᠤᠨ ᠬᠡᠷᠡᠭ 3 ᠬᠤᠪᠢ᠂ ᠠᠭᠠᠷ ᠮᠠᠨᠳᠠᠯ ᠤᠨ ᠪᠣᠬᠢᠷᠳᠦᠯ ᠤᠨ ᠬᠡᠷᠡᠭ 2 ᠬᠤᠪᠢ᠂ ᠬᠦᠷᠦᠰᠤ ᠰᠢᠷᠦᠢ ᠶᠢᠨ ᠪᠣᠬᠢᠷᠳᠤᠯ ᠤᠨ ᠬᠡᠷᠡᠭ 5 ᠬᠤᠪᠢ᠂ ᠠᠮᠢ ᠠᠬᠤᠢ ᠶᠢ ᠡᠪᠳᠡᠭᠰᠡᠨ ᠬᠡᠷᠡᠭ 19 ᠬᠤᠪᠢ᠂ ᠱᠤᠤᠬᠢᠶᠠᠨ ᠤ ᠪᠤᠬᠢᠷᠳᠤᠯ ᠤᠨ ᠬᠡᠷᠡᠭ 1 ᠬᠤᠪᠢ ᠪᠣᠢ᠃ ᠲᠤᠬᠠᠢ ᠶᠢᠨ ᠡᠳᠦᠷ᠂ ᠲᠡᠭᠡᠷᠡᠬᠢ ᠵᠠᠬᠢᠳᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ ᠢ ᠴᠥᠮ ᠬᠤᠯᠪᠣᠭᠳᠡᠯ ᠪᠦᠬᠦᠢ ᠠᠶᠢᠮᠠᠭ ᠬᠤᠲᠠ ᠳᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃      6 ᠰᠠᠷ᠎ᠠ ᠶᠢᠨ 3 ᠤ ᠡᠳᠣᠷ ᠪᠣᠯᠲᠠᠯ᠎ᠠ᠂ ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ ᠢ ᠨᠡᠶᠢᠲᠡ ᠵᠢᠷᠭᠤᠭᠠᠨ ᠪᠦᠯᠦᠭ᠂ 175 ᠬᠤᠪᠢ ︵ᠭᠤᠤᠯᠳᠠᠯᠭ᠎ᠠ ᠲᠠᠢ ᠠᠩᠬᠠᠷᠬᠤ 26 ᠬᠤᠪᠢ︶ ᠶᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠳᠡᠰᠤ ᠪᠠᠷ ᠢᠯᠡᠴᠢᠯᠡᠨ ᠮᠡᠳᠡᠭᠦᠯᠣᠭ᠍ᠰᠡᠨ ᠬᠡᠷᠡᠭ 119 ᠬᠤᠪᠢ᠂ ᠵᠠᠬᠢᠳᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ 56 ᠬᠤᠪᠢ ᠪᠣᠢ᠃ 175 ᠬᠤᠪᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠠᠨ ᠮᠡᠳᠡᠭᠦᠯᠤᠭ᠍ᠰᠠᠨ ᠬᠡᠷᠡᠭ ᠲᠤ ᠬᠥᠬᠡᠬᠤᠲᠠ ᠳᠤ ᠬᠤᠯᠪᠣᠭᠲᠠᠬᠤ 40 ᠬᠤᠪᠢ᠂ ᠪᠣᠭᠤᠲᠤ ᠬᠤᠲᠠ ᠳᠤ ᠬᠤᠯᠪᠣᠭᠳᠠᠬᠤ 8 ᠬᠤᠪᠢ᠂ ᠬᠦᠯᠣᠨ ᠪᠣᠶᠢᠷ ᠬᠤᠲᠠ ᠳᠤ ᠬᠤᠯᠪᠣᠭᠲᠠᠬᠤ 14 ᠬᠤᠪᠢ᠂ ᠬᠢᠩᠭᠠᠨ ᠠᠶᠢᠮᠠᠭ ᠲᠤ ᠬᠤᠯᠪᠣᠭᠲᠠᠬᠤ 9 ᠬᠤᠪᠢ᠂ ᠲᠦᠩᠯᠢᠶᠣᠣ ᠬᠤᠲᠠ ᠳᠤ ᠬᠤᠯᠪᠣᠭᠲᠠᠬᠤ 20 ᠬᠤᠪᠢ᠂ ᠤᠯᠠᠭᠠᠨᠬᠠᠳᠠ ᠬᠤᠲᠠ ᠳᠤ ᠬᠤᠯᠪᠣᠭᠳᠠᠬᠤ 19 ᠬᠤᠪᠢ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 6 ᠬᠤᠪᠢ᠂ ᠣᠯᠠᠭᠠᠨᠴᠠᠪ ᠬᠤᠲᠠ ᠳᠤ ᠬᠤᠯᠪᠣᠭᠳᠠᠬᠤ 8 ᠬᠤᠪᠢ᠂ ᠤᠷᠳᠤᠰ ᠬᠤᠲᠠ ᠳᠤ ᠬᠤᠯᠪᠣᠭᠳᠠᠬᠤ 27 ᠬᠤᠪᠢ᠂ ᠪᠠᠶᠠᠨᠨᠠᠭᠤᠷ ᠬᠤᠲᠠ ᠳᠤ ᠬᠤᠯᠪᠣᠭᠳᠠᠬᠤ 16 ᠬᠤᠪᠢ᠂ ᠦᠬᠠᠢ ᠬᠤᠲᠠ ᠳᠤ ᠬᠤᠯᠪᠣᠭᠲᠠᠬᠤ 5 ᠬᠤᠪᠢ᠂ ᠠᠯᠠᠱᠠ ᠠᠶᠢᠮᠠᠭ ᠲᠤ ᠬᠤᠯᠪᠣᠭᠳᠠᠬᠤ 3 ᠬᠤᠪᠢ ᠪᠣᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ