ᠪᠠᠶᠠᠷ ᠤᠨ ᠡᠳᠦᠷ ᠤᠨ ᠬᠤᠭᠤᠴᠠᠭᠠᠨ ᠳᠤ᠂ ᠲᠥᠪ ᠤᠨ ᠲᠠᠯ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠠᠴᠠ ᠨᠠᠮ ᠤᠨ ᠭᠡᠰᠢᠭᠦᠨ | ᠺᠠᠳ᠋ᠷ ᠤᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ 2 ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ ᠬᠤᠯᠪᠣᠭᠳᠠᠯ ᠪᠦᠬᠦᠢ ᠠᠰᠠᠭᠤᠳᠠᠯ ᠤᠨ ᠰᠢᠨᠵᠢ ᠴᠢᠨᠠᠷ ᠨᠢ | ᠲᠤᠶᠢᠯ ᠤᠨ ᠬᠦᠨᠳᠦ ᠨᠣᠴᠢᠲᠠᠢ᠂ ᠨᠥᠯᠥᠭᠡ ᠨᠢ ᠲᠤᠶᠢᠯ ᠤᠨ ᠮᠠᠭᠤ᠂ ᠰᠤᠷᠭᠠᠮᠵᠢ ᠨᠢ ᠲᠤᠶᠢᠯ ᠤᠨ ᠬᠠᠷᠠᠰᠠᠯᠲᠠᠢ ᠶᠤᠮ᠃ | ᠵᠠᠷᠯᠠᠯ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 4 ᠰᠠᠷ᠎ᠠ ᠳᠤ᠂ ᠬᠤᠪᠧᠢ ᠮᠤᠵᠢ ᠶᠢᠨ ᠬᠤᠸᠠᠩ ᠭᠠᠩ ᠬᠤᠲᠠ ᠶᠢᠨ ᠬᠤᠸᠠᠩ ᠮᠧᠶ ᠰᠢᠶᠠᠨ᠂ ᠠᠨᠾᠦ᠋ᠢ | ᠮᠤᠵᠢ ᠶᠢᠨ ᠠᠨᠴᠢᠩ ᠬᠤᠲᠠ ᠶᠢᠨ ᠰᠦ᠋ ᠰᠥᠩ ᠰᠢᠶᠠᠨ ᠤ ᠴᠢᠶᠠᠨ ᠯᠢᠩ ᠰᠢᠶᠠᠩ ᠬᠤᠶᠠᠷ ᠭᠠᠵᠠᠷ ᠲᠤ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ | ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠪᠥᠭᠡᠳ ᠬᠥᠮᠥᠨ ᠢ ᠦᠬᠦᠭᠦᠯᠦᠭᠰᠡᠨ ᠬᠡᠷᠡᠭ ᠤᠨ ᠵᠢᠱᠢᠶ᠎ᠡ ᠭᠠᠷᠴᠤ᠂ ᠨᠡᠶᠢᠭᠡᠮ | ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠢ ᠪᠠᠭ᠎ᠠ ᠶᠠᠪᠤᠳᠠᠯ | ᠣᠬᠲᠣ ᠪᠢᠰᠢ᠂ ᠰᠤᠷᠲᠠᠯ ᠤᠨ ᠪᠠᠶᠢᠭᠤᠯᠤᠯᠲᠠ ᠶᠢ ᠨᠢᠭᠡ ᠮᠥᠴᠡ ᠴᠦ ᠰᠤᠯᠠᠷᠠᠭᠤᠯᠵᠤ ᠪᠤᠯᠬᠤ ᠦᠭᠡᠢ ᠭᠡᠳᠡᠭ ᠢ ᠳᠠᠬᠢᠨᠲᠠ ᠬᠠᠷᠠᠭᠤᠯᠪᠠ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠲᠣᠭᠲᠠᠭᠠᠯ ᠢ | ᠵᠥᠷᠢᠴᠡᠨ ᠢᠳᠡᠵᠦ ᠤᠤᠭᠤᠬᠤ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠲᠥᠪ ᠬᠤᠷᠢᠶ᠎ᠠ ᠠᠴᠠ ᠣᠯᠠᠨᠲᠠ ᠲᠣᠳᠣᠷᠬᠠᠢ | ᠱᠠᠭᠠᠷᠳᠠᠭᠰᠠᠨ ᠪᠤᠯᠪᠠᠴᠤ ᠮᠥᠨ ᠯᠡ ᠵᠠᠷᠢᠮ ᠬᠥᠮᠥᠨ ᠬᠢᠳᠡᠭ ᠢᠶᠠᠷ ᠢᠶᠠᠨ ᠬᠢᠵᠦ᠂ ᠭᠤᠷᠢᠳᠠᠬᠤ ᠪᠤᠳᠤᠯ ᠡᠪᠦᠷᠯᠡᠵᠦ ᠪᠠᠶᠢᠨ᠎ᠠ᠂ ᠡᠨᠡ ᠪᠣᠯ ᠨᠡᠶᠢᠲᠡᠯᠢᠭ ᠲᠣᠭᠲᠠᠭᠠᠯ ᠢ | ᠥᠰᠢᠯᠳᠦᠨ ᠵᠥᠷᠢᠴᠡᠭᠰᠡᠨ᠂ ᠬᠠᠤᠯᠢ ᠰᠠᠬᠢᠯᠭ᠎ᠠ ᠶᠢ ᠦᠯᠦ ᠬᠠᠶᠢᠬᠤᠷᠤᠨ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠦᠭᠡᠢ ᠪᠠᠶᠢᠬᠤ ᠶᠠᠪᠤᠳᠠᠯ ᠪᠣᠯᠣᠨ᠎ᠠ᠃ | ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠶᠠᠪᠤᠳᠠᠯ ᠨᠢ ᠵᠠᠷᠢᠮ ᠨᠠᠮ ᠤᠨ ᠭᠡᠰᠢᠭᠦᠨ ᠺᠠᠳ᠋ᠷ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠠᠴᠠ ᠥᠴᠥᠬᠡᠨ ᠴᠦ ᠪᠢᠰᠢᠷᠡᠨ ᠵᠢᠷᠦᠬᠡᠰᠢᠶᠡᠬᠦ ᠦᠭᠡᠢ ᠪᠠᠶᠢᠬᠤ ᠶᠢ ᠢᠯᠡᠷᠡᠭᠦᠯᠪᠡ᠃ ᠲᠣᠰ ᠤᠳᠠᠭ᠎ᠠ ᠶᠢᠨ ᠵᠠᠷᠯᠠᠯ ᠳᠤ ᠬᠤᠯᠪᠣᠭᠳᠠᠭᠰᠠᠨ ᠨᠠᠮ ᠤᠨ ᠭᠡᠰᠢᠭᠦᠨ | ᠺᠠᠳ᠋ᠷᠴᠤᠳ᠂ ᠨᠢᠭᠡ ᠲᠠᠯ᠎ᠠ ᠪᠠᠷ ᠰᠤᠷᠤᠯᠴᠠᠯᠭ᠎ᠠ ᠬᠥᠮᠦᠵᠢᠯ ᠳᠤ ᠣᠷᠣᠯᠴᠠᠵᠤ᠂ ᠨᠥᠭᠦᠭᠡ ᠲᠠᠯ᠎ᠠ ᠪᠠᠷ ᠳᠠᠭᠠᠭᠤᠯᠤᠨ ᠲᠣᠭᠲᠠᠭᠠᠯ ᠢ ᠥᠰᠢᠯᠳᠦᠨ ᠢᠳᠡᠵᠦ | ᠤᠤᠭᠤᠬᠤ ᠶᠢ ᠵᠣᠬᠢᠶᠠᠨ ᠪᠠᠶᠢᠭᠤᠯᠵᠤ ᠤᠷᠤᠯᠴᠠᠵᠤ ᠪᠠᠶᠢᠨ᠎ᠠ᠃ ᠡᠭᠦᠨ ᠳᠤ ᠵᠠᠷᠢᠮ ᠨᠢ ᠵᠢᠵᠢᠭᠦᠷᠯᠡᠵᠦ ᠠᠩᠭᠢ ᠳᠠᠭᠠᠭᠤᠯᠬᠤ ᠤᠳᠤᠷᠢᠳᠤᠯᠭ᠎ᠠ ᠪᠠᠶᠢᠵᠤ᠂ ᠵᠠᠷᠢᠮ ᠨᠢ | ᠪᠠᠰᠠ ᠨᠠᠮ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠠᠶᠢᠵᠤ᠂ ᠪᠠᠰᠠ ᠨᠠᠮ ᠵᠠᠰᠠᠭ ᠤᠨ ᠤᠳᠤᠷᠢᠳᠬᠤ ᠪᠠᠭ ᠤᠨ ᠪᠦᠭᠦ ᠪᠦᠷᠢᠯᠳᠦᠭᠦᠨ ᠲᠣᠭᠲᠠᠭᠠᠯ ᠢ | ᠵᠥᠷᠢᠴᠡᠨ ᠢᠳᠡᠵᠦ ᠤᠤᠭᠤᠵᠤ᠂ ᠪᠠᠰᠠ ᠬᠡᠷᠡᠭ ᠤᠨ ᠲᠠᠷᠠᠭ᠎ᠠ ᠮᠡᠳᠡᠭᠦᠯᠬᠦ ᠦᠭᠡᠢ ᠨᠢᠭᠤᠬᠤ ᠠᠰᠠᠭᠤᠳᠠᠯ ᠣᠷᠣᠰᠢᠵᠤ ᠪᠠᠶᠢᠨ᠎ᠠ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠠᠰᠠᠭᠤᠳᠠᠯ ᠤᠨ ᠲᠤᠬᠠᠢ ᠬᠦᠨᠳᠦ ᠨᠣᠴᠢᠲᠠᠢ ᠤᠯᠤᠰ ᠲᠥᠷᠥ ᠶᠢᠨ ᠬᠤᠣᠷ ᠬᠥᠨᠥᠭᠡᠯ ᠤᠨ ᠲᠤᠬᠠᠢ ᠲᠠᠨᠢᠯᠲᠠ ᠪᠠᠷ ᠳᠤᠲᠠᠮᠠᠭ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠥᠯᠥ ᠬᠠᠶᠢᠬᠤᠷᠤᠭᠰᠠᠨ᠂ ᠬᠠᠷᠢᠭᠤᠴᠠᠯᠭ᠎ᠠ ᠶᠢᠨ ᠤᠬᠠᠮᠰᠠᠷ ᠰᠤᠯᠠᠷᠠᠭᠰᠠᠨ | ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠵᠡᠯᠲᠡ ᠰᠤᠯᠠ ᠳᠣᠷᠣᠶ ᠪᠠᠶᠢᠬᠤ ᠨᠢ ᠬᠥᠮᠥᠰ ᠢ ᠰᠡᠷᠡᠮᠵᠢᠯᠡᠭᠦᠯᠵᠦ ᠪᠠᠶᠢᠨ᠎ᠠ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠠᠪᠤᠳᠠᠯ ᠨᠢ ᠵᠠᠷᠢᠮ ᠭᠠᠵᠠᠷ ᠣᠷᠣᠨ ᠪᠣᠯᠣᠨ ᠨᠢᠭᠡᠴᠢ ᠶᠢᠨ ᠭᠠᠵᠢᠭᠤ ᠮᠠᠭᠤ ᠰᠤᠷᠲᠠᠯ ᠢ ᠵᠠᠯᠠᠷᠠᠭᠤᠯᠬᠤ | ᠠᠵᠢᠯ ᠢ ᠲᠤᠭᠤᠰᠢᠲᠠᠢ ᠬᠢᠭᠰᠡᠨ ᠦᠭᠡᠢ ᠭᠡᠳᠡᠭ ᠢ ᠬᠠᠷᠠᠭᠤᠯᠵᠠᠢ᠃ ᠵᠠᠷᠢᠮ ᠤᠳᠤᠷᠢᠳᠬᠤ ᠺᠠᠳ᠋ᠷ ᠤᠨ ᠢᠳᠡᠵᠦ ᠤᠤᠭᠤᠬᠤ ᠶᠢ ᠰᠠᠶᠢᠨ ᠬᠠᠮᠢᠶᠠᠷᠪᠠᠯ ᠰᠠᠶ᠋ᠢ ᠲᠤᠭ᠎ᠠ | ᠲᠣᠮᠰᠢ ᠦᠭᠡᠢ ᠣᠯᠠᠨ ᠲᠦᠮᠡᠨ ᠤ ᠰᠡᠳᠬᠢᠯ ᠢ ᠣᠯᠵᠤ ᠴᠢᠳᠠᠨ᠎ᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ︽ᠪᠣᠭᠤᠮᠲᠠ ᠳᠠᠪᠠᠭ᠋ᠤ︾ ᠪᠠᠷ ᠪᠠᠷᠠᠬᠤ ᠦᠭᠡᠢ | ᠨᠡᠩ ᠴᠤ ︽ᠴᠠᠭᠠᠷᠠᠭᠰᠠᠨ︾ ᠪᠠᠶᠢᠬᠤ ᠬᠡᠷᠡᠭᠲᠡᠢ᠃ ᠢᠳᠡᠵᠦ ᠤᠤᠭᠤᠬᠤ ᠭᠠᠵᠢᠭᠤ ᠰᠤᠷᠲᠠᠯ ᠳᠤ ᠡᠷᠬᠡᠪᠰᠢ ᠬᠦᠴᠦᠲᠡᠢ ᠴᠣᠬᠢᠯᠲᠠ ᠥᠭᠴᠦ᠂ ᠬᠠᠷᠢᠭᠤᠴᠠᠯᠭ᠎ᠠ ᠶᠢ | ᠱᠠᠲᠤ ᠱᠠᠲᠤ ᠪᠠᠷ ᠪᠣᠳᠠᠲᠠᠶᠢᠵᠢᠭᠤᠯᠵᠤ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠢ ᠦᠨᠡᠨ ᠬᠦ ︽ᠲᠡᠮᠦᠷ | ᠨᠠᠢᠮᠠᠨ ᠲᠣᠭᠲᠠᠭᠠᠯ︾ ᠪᠤᠯᠭᠠᠬᠤ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠬᠡᠪ ᠤᠨ ᠪᠤᠰᠤ ᠪᠠᠶᠢᠳᠠᠯ ᠢᠯᠡᠷᠡᠬᠦ ︽ᠵᠢᠵᠢᠭ ᠪᠦᠯᠭᠦᠮ ᠤᠨ ᠰᠣᠶᠣᠯ︾ ᠮᠥᠨ ᠯᠡ ᠪᠠᠶᠢᠨ ᠪᠠᠶᠢᠨ | ᠡᠭᠦᠰᠴᠦ ᠪᠠᠶᠢᠨ᠎ᠠ᠃ ︽ᠠᠵᠤ ᠠᠬᠤᠶᠢᠯᠠᠯ ᠤᠨ ᠡᠵᠡᠨᠳᠡᠨ ᠢ ᠢᠳᠡᠬᠦ︾᠂ ︽ᠬᠤᠭᠤᠯᠠᠨ ᠭᠡᠷ ᠲᠤ ᠢᠳᠡᠬᠦ︾᠂ ︽ᠳᠣᠣᠷᠠᠳᠤ ᠱᠠᠲᠤ ᠪᠠᠨ ᠢᠳᠡᠬᠦ︾ ᠳᠤ ᠦᠡᠭᠭᠡᠨ | ᠳᠡᠭᠡᠷ᠎ᠡ ᠪᠠᠨ ︽ᠬᠤᠭᠤᠯᠠ︾ ᠢᠳᠡᠵᠦ ᠪᠠᠶᠢᠪᠠᠴᠤ᠂ ᠦᠨᠡᠨ ᠳᠡᠭᠡᠨ ︽ᠤᠨᠠᠭᠤᠯᠢ︾ ᠬᠢᠵᠦ᠂ ︽ᠵᠢᠵᠢᠭ ᠪᠦᠯᠭᠦᠮ︾ ᠪᠤᠢ ᠪᠤᠯᠭᠠᠬᠰᠠᠨ ᠪᠠᠶᠢᠨ᠎ᠠ᠃ ︽ᠶᠠᠭᠤ | ᠢᠳᠡᠵᠦ ᠶᠠᠭᠤ ᠤᠤᠭᠤᠬᠤ ᠨᠢ ᠴᠢᠬᠤᠯᠠ ᠪᠢᠰᠢ᠂ ᠬᠡᠨ ᠲᠠᠢ ᠢᠳᠡᠵᠦ ᠤᠤᠭᠤᠬᠤ ᠨᠢ ᠴᠢᠬᠤᠯᠠ︾ ᠪᠠᠶᠢᠵᠤ᠂ ᠦᠵᠡᠬᠦ ᠳᠤ ᠡᠩ ᠤᠨ ᠬᠤᠭᠤᠯᠠᠨ ᠰᠢᠷᠡᠭᠡ ᠰᠢᠭ | ᠪᠤᠯᠪᠠᠴᠤ ᠠᠷᠤ ᠳᠤᠨᠢ ᠤᠴᠢᠷ ᠶᠠᠪᠤᠳᠠᠯ ᠰᠢᠢᠳᠪᠦᠷᠢᠯᠡᠭᠦᠯᠬᠦ᠂ ᠠᠰᠢᠭ ᠲᠤᠰᠠ ᠬᠦᠷᠭᠡᠬᠦ ᠠᠵᠢᠯᠯᠠᠭ᠎ᠠ ᠨᠢᠭᠤᠭᠳᠠᠵᠤ ᠪᠠᠶᠢᠬᠤ ᠮᠠᠭᠠᠳ᠃ ᠡᠷᠬᠡᠪᠰᠢ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢᠨ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ ᠠᠭᠤᠳᠠᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠡᠪᠡᠷᠰᠢᠭᠦᠯᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ | ᠣᠶᠢᠷ᠎ᠠ ᠳᠤ ᠣᠯᠠᠨ ᠭᠠᠵᠠᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠯᠭᠠᠭ᠎ᠠ ᠪᠠᠷ ᠵᠠᠷᠯᠠᠨ | ᠮᠡᠳᠡᠭᠳᠡᠵᠦ᠂ ︽ᠢᠳᠡᠵᠦ ᠤᠤᠭᠤᠬᠤ ᠲᠠᠯ᠎ᠠ ᠪᠠᠷ ᠬᠢ ᠢᠯᠵᠢᠷᠡᠯ︾ ᠢ ᠴᠡᠭᠴᠡᠯᠡᠨ ᠵᠠᠰᠠᠬᠤ ᠶᠢ ᠨᠠᠩ ᠳᠣᠪᠤᠶᠢᠯᠭᠠᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠰᠤᠷᠲᠠᠯ ᠢ ᠡᠷᠡᠰ ᠬᠤᠷᠢᠭᠯᠠᠵᠤ᠂ ᠶᠠᠭᠠᠬᠢᠭᠰᠠᠨ ᠴᠤ ᠰᠤᠯᠠ ᠲᠠᠯᠪᠢᠵᠤ ᠪᠤᠯᠬᠤ ᠦᠭᠡᠢ᠂ ᠡᠷᠬᠡᠪᠰᠢ ᠲᠡᠮᠦᠷ ᠮᠡᠲᠦ ᠳᠦᠷᠢᠮ ᠲᠣᠭᠲᠠᠭᠠᠯ ᠢ ᠪᠠᠲᠤ ᠰᠠᠬᠢᠵᠤ | ᠂ ᠲᠣᠭᠲᠠᠭᠠᠯ ᠠᠴᠠ ᠵᠥᠷᠢᠴᠡᠵᠦ ᠢᠳᠡᠵᠦ ᠤᠤᠭᠤᠭᠰᠠᠨ ᠬᠥᠮᠥᠨ ᠪᠠ ᠬᠡᠷᠡᠭ ᠲᠤ ᠴᠢᠩᠭ᠎ᠠ ᠬᠦᠴᠦᠲᠦ ᠪᠠᠶᠢᠳᠠᠯ ᠢ ᠪᠦᠷᠢᠯᠳᠦᠭᠦᠯᠵᠦ᠂ ᠨᠠᠮ ᠤᠨ ᠭᠡᠰᠢᠭᠦᠨ | ᠺᠠᠳ᠋ᠷᠴᠤᠳ ᠢ ᠰᠡᠷᠡᠮᠵᠢᠯᠡᠭᠦᠯᠵᠦ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | | |