ᠬᠠᠮ ᠲᠠᠷᠢᠶᠠᠯᠠᠩ ᠤᠨ ᠦᠵᠡᠯᠲᠡ ᠶᠢ ᠭᠦᠨᠵᠡᠭᠡᠢ ᠣᠶᠢᠯᠠᠭᠠᠨ ᠦᠢᠯᠡᠳᠦᠯᠭᠡᠵᠢᠭᠦᠯᠦᠶ᠎ᠡ
ᠨᠡᠶᠢᠲᠡᠯᠡᠭᠰᠡᠨ ᠴᠠᠭ᠄
2025/6/4
      ᠬᠠᠮ ᠲᠠᠷᠢᠶᠠᠯᠠᠩ ᠤᠨ ᠦᠵᠡᠯᠲᠡ ᠪᠣᠯ ᠰᠢᠨ᠎ᠡ ᠴᠠᠭ ᠦᠶ᠎ᠡ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠵᠢᠯᠤᠭᠤᠳᠬᠤ  ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠮᠥᠨ᠂ ᠪᠠᠰᠠ ᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠠᠷᠢᠶᠠᠯᠠᠩ ᠤᠨ ᠬᠦᠷᠢᠶᠡᠨ ᠳᠠᠬᠢ ᠪᠣᠳᠠᠲᠠᠢ ᠢᠯᠡᠷᠡᠯ ᠮᠥᠨ ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠣᠯ ᠬᠠᠮ ᠲᠠᠷᠢᠶᠠᠯᠠᠩ ᠤᠨ ᠦᠵᠡᠯᠲᠡ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠰᠢᠨ᠎ᠡ ᠪᠠᠶᠢᠳᠠᠯ ᠳᠣᠣᠷ᠎ᠠ᠂ ᠬᠠᠮ ᠲᠠᠷᠢᠶᠠᠯᠠᠩ ᠤᠨ ᠦᠵᠡᠯᠲᠡ ᠶᠢ ᠪᠠᠲᠤ ᠪᠠᠬᠢ ᠪᠤᠢ ᠪᠣᠯᠭᠠᠨ ᠭᠦᠨᠵᠡᠭᠡᠢ ᠦᠢᠯᠡᠳᠦᠯᠭᠡᠵᠢᠭᠦᠯᠵᠦ᠂ ᠲᠠᠷᠢᠶᠠᠯᠠᠩ ᠢ ᠦᠨᠡᠨ ᠬᠦ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠳᠤᠯᠢᠭ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃       ᠲᠠᠷᠢᠶᠠᠯᠠᠩ ᠤᠨ ᠬᠥᠭᠵᠢᠯᠲᠡ ᠶᠢᠨ ᠣᠶᠢᠯᠠᠭᠠᠭᠳᠠᠬᠤᠨ ᠤ ᠴᠢᠬᠤᠯᠠ ᠶᠡᠭᠡ ᠰᠢᠨ᠎ᠡ ᠡᠭᠦᠳᠦᠯᠲᠡ       ᠬᠠᠮ ᠲᠠᠷᠢᠶᠠᠯᠠᠩ ᠤᠨ ᠦᠵᠡᠯᠲᠡ ᠪᠣᠯ ᠨᠢᠭᠡᠨ ᠬᠠᠷᠢᠴᠠᠩᠭᠤᠢ ᠤᠬᠠᠭᠳᠠᠬᠤᠨ ᠮᠥᠨ᠂ ᠲᠡᠷᠡ ᠨᠢ ᠵᠢᠵᠢᠭ ᠲᠠᠷᠢᠶᠠᠯᠠᠩ ᠤᠨ ᠦᠵᠡᠯᠲᠡ ᠲᠠᠢ ᠬᠠᠷᠠᠭᠠᠯᠵᠠᠬᠰᠠᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠣᠶᠢᠯᠠᠭᠠᠭᠳᠠᠬᠤᠨ ᠮᠥᠨ᠃ ᠵᠢᠵᠢᠭ ᠲᠠᠷᠢᠶᠠᠯᠠᠩ ᠤᠨ ᠦᠵᠡᠯᠲᠡ ᠭᠡᠳᠡᠭ ᠨᠢ ᠶᠡᠷᠦᠳᠡᠭᠡᠨ ᠵᠢᠵᠢᠭ ᠲᠠᠷᠢᠶᠠᠯᠠᠩ ᠤᠨ ᠤᠯᠠᠮᠵᠢᠯᠠᠯᠲᠤ ᠲᠠᠷᠢᠶᠠᠯᠠᠩ ᠤᠨ ᠬᠥᠭᠵᠢᠯᠲᠡ ᠶᠢᠨ ᠣᠶᠢᠯᠠᠭᠠᠭᠳᠠᠬᠤᠨ ᠢ ᠵᠢᠭᠠᠵᠤ ᠪᠠᠶᠢᠨ᠎ᠠ᠂ ᠥᠩᠭᠡᠷᠡᠭᠰᠡᠨ ᠳᠤ ᠲᠠᠷᠢᠶᠠᠯᠠᠩ ᠬᠢᠭᠡᠳ ᠪᠤᠰᠤᠳ ᠠᠵᠤ ᠦᠢᠯᠡᠰ ᠢ ᠰᠠᠯᠭᠠᠵᠤ᠂ ᠬᠠᠷᠠᠴᠠ ᠪᠠᠨ ᠵᠥᠪᠬᠡᠨ ᠲᠠᠷᠢᠶᠠᠨ ᠭᠠᠵᠠᠷ ᠤᠨ ᠡᠬᠢ ᠪᠠᠶᠠᠯᠢᠭ ᠲᠤ ᠬᠠᠨᠳᠤᠭᠤᠯᠵᠦ᠂ ᠲᠠᠷᠢᠶᠠᠯᠠᠩ ᠤᠨ ᠦᠢᠯᠡᠳᠪᠦᠷᠢᠯᠡᠯ ᠢ ᠲᠠᠷᠢᠮᠠᠯ ᠤᠨ ᠦᠢᠯᠡᠰ ᠪᠤᠶᠤ ᠠᠮᠤ ᠪᠤᠳᠠᠭ᠎ᠠ ᠪᠠᠷ ᠭᠤᠣᠯ ᠪᠣᠯᠭᠠᠭᠰᠠᠨ ᠦᠢᠯᠡᠳᠪᠦᠷᠢᠯᠡᠯ ᠢᠶᠠᠷ ᠦᠵᠡᠵᠦ᠂ ᠲᠠᠷᠢᠶᠠᠯᠠᠩ ᠢ ᠵᠥᠪᠬᠡᠨ ᠨᠢᠭᠡᠨ ᠦᠢᠯᠡᠳᠪᠦᠷᠢᠯᠡᠯ ᠤᠨ ᠶᠠᠪᠤᠴᠠ ᠵᠢᠴᠢ ᠪᠢᠲᠡᠭᠦᠮᠵᠢᠯᠡᠭᠰᠡᠨ ᠵᠢᠵᠢᠭ ᠬᠡᠪᠴᠢᠶᠡᠨ ᠤ ᠲᠠᠷᠠᠬᠠᠢ ᠡᠵᠡᠩᠨᠡᠯᠲᠡ ᠬᠢᠬᠦ ᠵᠡᠷᠭᠡ ᠪᠠᠷ ᠦᠵᠡᠵᠦ ᠪᠠᠶᠢᠵᠠᠢ᠂ ᠡᠳᠡᠭᠡᠷ ᠨᠢ ᠴᠥᠮ ᠵᠢᠵᠢᠭ ᠲᠠᠷᠢᠶᠠᠯᠠᠩ ᠤᠨ ᠦᠵᠡᠯᠲᠡ ᠶᠢᠨ ᠪᠣᠳᠠᠲᠠᠢ ᠢᠯᠡᠷᠡᠯ ᠮᠥᠨ᠃ ᠮᠠᠨ ᠤ ᠤᠯᠤᠰ ᠤᠨ ᠲᠡᠦᠬᠡᠨ ᠳᠡᠭᠡᠷ᠎ᠡ ᠤᠷᠳᠤ ᠬᠤᠭᠤᠴᠠᠭ᠎ᠠ ᠪᠠᠷ ᠪᠦᠷᠢᠯᠳᠦᠭᠰᠡᠨ ᠭᠡᠷ ᠪᠦᠯᠢ ᠪᠠᠷ ᠨᠢᠭᠡᠴᠢ ᠪᠣᠯᠭᠠᠵᠤ᠂ ᠥᠪᠡᠷ ᠢ ᠪᠠᠨ ᠥᠪᠡᠷᠲᠡᠭᠡᠨ ᠬᠠᠩᠭᠠᠬᠤ ᠵᠢᠵᠢᠭ ᠲᠠᠷᠢᠶᠠᠯᠠᠩ ᠤᠨ ᠠᠵᠤ ᠠᠬᠤᠢ ᠪᠣᠯ ᠳᠠᠷᠤᠢ ᠵᠢᠵᠢᠭ ᠲᠠᠷᠢᠶᠠᠯᠠᠩ ᠤᠨ ᠦᠵᠡᠯᠲᠡ ᠶᠢᠨ ᠨᠡᠶᠢᠲᠡᠯᠢᠭ ᠢᠯᠡᠷᠡᠯ ᠮᠥᠨ᠃ ᠵᠢᠵᠢᠭ ᠲᠠᠷᠢᠶᠠᠯᠠᠩ ᠤᠨ ᠦᠵᠡᠯᠲᠡ ᠶᠢᠨ ᠳᠣᠣᠷ᠎ᠠ᠂ ᠲᠠᠷᠢᠶᠠᠯᠠᠩ ᠤᠨ ᠬᠥᠭᠵᠢᠯᠲᠡ ᠨᠢ ᠡᠬᠢ ᠪᠠᠶᠠᠯᠢᠭ ᠣᠷᠴᠢᠨ ᠠᠬᠤᠢ ᠶᠢᠨ ᠴᠢᠩᠭ᠎ᠠ ᠬᠢᠵᠠᠭᠠᠷᠯᠠᠯ ᠳᠤ ᠲᠤᠯᠭᠠᠷᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠳᠣᠣᠷ᠎ᠠ᠂ ᠬᠥᠭᠵᠢᠯᠲᠡ ᠶᠢᠨ ᠣᠷᠣᠨ ᠵᠠᠢ ᠪᠠ ᠳᠠᠯᠳᠠ ᠬᠦᠴᠦᠨ ᠬᠢᠵᠠᠭᠠᠷᠯᠠᠭᠳᠠᠵᠤ᠂ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠬᠡᠷᠡᠭᠴᠡᠭᠡ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠰᠶᠢᠳᠪᠦᠷᠢᠯᠡᠬᠦ ᠳᠤ ᠪᠡᠷᠬᠡᠲᠡᠢ ᠪᠠᠶᠢᠵᠤ᠂ ᠬᠥᠭᠵᠢᠯᠲᠡ ᠶᠢᠨ ᠵᠠᠮ ᠶᠠᠪᠤᠬᠤ ᠳᠤᠳᠤᠮ ᠢᠪᠴᠤᠷᠠᠵᠤ᠂ ᠥᠷᠢᠰᠦᠯᠳᠦᠬᠦ ᠬᠦᠴᠦᠨ ᠢᠶᠠᠷ ᠳᠤᠲᠠᠮᠠᠭ ᠪᠠᠶᠢᠨ᠎ᠠ᠃       ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠶᠢᠯᠠᠭᠠᠭᠳᠠᠬᠤᠨ ᠤ ᠬᠤᠪᠢᠰᠤᠯᠲᠠ ᠶᠢ ᠲᠠᠭᠠᠯᠳᠣᠨ᠂ ᠢᠯᠠᠩᠭᠤᠶ᠎ᠠ ᠲᠠᠷᠢᠶᠠᠯᠠᠩ ᠤᠨ ᠣᠳᠣᠬᠢᠴᠢᠯᠠᠯᠲᠠ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠵᠢᠵᠢᠭ ᠲᠠᠷᠢᠶᠠᠯᠠᠩ ᠤᠨ ᠦᠵᠡᠯᠲᠡ ᠨᠢ ᠶᠠᠭ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠨᠡᠶᠢᠴᠡᠭᠰᠡᠨ ᠬᠠᠮ ᠲᠠᠷᠢᠶᠠᠯᠠᠩ ᠤᠨ ᠦᠵᠡᠯᠲᠡ ᠪᠠᠷ ᠠᠯᠬᠤᠮ ᠠᠯᠬᠤᠮ ᠢᠶᠠᠷ ᠣᠷᠣᠯᠠᠭᠳᠠᠵᠤ ᠪᠠᠶᠢᠨ᠎ᠠ᠃ ᠬᠡᠳᠦ᠋ᠪᠡᠷ 20 ᠳ᠋ᠤᠭᠠᠷ ᠵᠠᠭᠤᠨ ᠤ ᠵᠢᠷᠠᠭᠠᠳ ᠣᠨ ᠠᠴᠠ ᠨᠠᠭᠠᠰᠢ ᠡᠷᠳᠡᠮ ᠰᠢᠨᠵᠢᠯᠡᠭᠡᠨ ᠤ ᠬᠢᠨ ᠬᠠᠮ ᠲᠠᠷᠢᠶᠠᠯᠠᠩ ᠤᠨ ᠬᠥᠭᠵᠢᠯᠲᠡ ᠶᠢᠨ ᠠᠰᠠᠭᠤᠳᠠᠯ ᠢ ᠰᠦᠪᠡᠭᠴᠢᠯᠡᠵᠦ ᠪᠠᠶᠢᠭᠰᠠᠨ ᠪᠣᠯᠪᠠᠴᠤ 20 ᠳ᠋ᠤᠭᠠᠷ ᠵᠠᠭᠤᠨ ᠤ ᠶᠡᠷᠡᠭᠡᠳ ᠣᠨ ᠬᠦᠷᠦᠭᠡᠳ ᠰᠠᠶ᠋ᠢ ᠲᠡᠭᠦᠨ ᠢ ᠬᠥᠭᠵᠢᠯᠲᠡ ᠶᠢᠨ ᠦᠵᠡᠯᠲᠡ ᠶᠢᠨ ᠳᠠᠪᠬᠤᠷᠭ᠎ᠠ ᠳᠤ ᠬᠦᠷᠲᠡᠯ᠎ᠡ ᠳᠡᠭᠡᠭᠰᠢᠯᠡᠭᠦᠯᠦᠭᠰᠡᠨ ᠶᠤᠮ᠃ 1991 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠠᠴᠠ ︽ᠲᠠᠷᠢᠶᠠᠯᠠᠩ ᠪᠠ ᠬᠥᠳᠡᠭᠡ ᠲᠣᠰᠬᠤᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠣᠭᠲᠠᠭᠠᠯ︾ ᠢ ᠪᠠᠲᠤᠯᠠᠵᠤ᠂ ︽ᠬᠠᠮ ᠲᠠᠷᠢᠶᠠᠯᠠᠩ ᠤᠨ ᠦᠵᠡᠯᠲᠡ ᠶᠢ ᠪᠣᠢ ᠪᠣᠯᠭᠠᠬᠤ︾ ᠶᠢ ᠲᠣᠳᠣᠷᠬᠠᠢ ᠳᠤᠷᠠᠳᠤᠨ ᠭᠠᠷᠭᠠᠪᠠ᠃ 1992 ᠣᠨ ᠤ 10 ᠰᠠᠷ᠎ᠠ ᠳᠤ ︽ᠬᠠᠮ ᠲᠠᠷᠢᠶᠠᠯᠠᠩ ᠤᠨ ᠦᠵᠡᠯᠲᠡ ᠶᠢ ᠪᠤᠢ ᠪᠣᠯᠭᠠᠬᠤ︾ ᠶᠢ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠤᠨ ᠢᠯᠡᠳᠬᠡᠯ ᠳᠤ ᠪᠢᠴᠢᠵᠦ ᠣᠷᠣᠭᠤᠯᠪᠠ᠃ ᠰᠡᠭᠦᠯᠡᠷ ᠨᠢ ᠡᠷᠳᠡᠮ ᠰᠢᠨᠵᠢᠯᠡᠭᠡᠨ ᠤ ᠬᠢᠨ ᠬᠠᠮ ᠲᠠᠷᠢᠶᠠᠯᠠᠩ ᠤᠨ ᠦᠵᠡᠯᠲᠡ ᠶᠢᠨ ᠲᠤᠬᠠᠢ ᠥᠷᠭᠡᠨ ᠢᠶᠠᠷ ᠶᠠᠷᠢᠯᠴᠠᠪᠠ᠃ 2015 ᠣᠨ ᠤ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠠᠴᠠ ︽ᠬᠠᠮ ᠲᠠᠷᠢᠶᠠᠯᠠᠩ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠬᠤ ᠬᠡᠷᠡᠭᠲᠡᠢ︾ ᠭᠡᠵᠦ ᠵᠢᠩᠬᠢᠨᠢ ᠪᠠᠷ ᠳᠤᠷᠠᠳᠤᠨ ᠭᠠᠷᠭᠠᠪᠠ᠃ 2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ ︽ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠨ᠎ᠠ︾ ᠭᠡᠵᠦ ᠵᠢᠭᠠᠵᠤ ᠭᠠᠷᠭᠠᠪᠠ᠃ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠬᠦ ᠬᠡᠷᠡᠭᠲᠡᠢ ︾ ᠭᠡᠵᠦ ᠴᠢᠬᠤᠯᠠᠴᠢᠯᠠᠪᠠ᠃       ᠬᠠᠮ ᠲᠠᠷᠢᠶᠠᠯᠠᠩ ᠤᠨ ᠦᠵᠡᠯᠲᠡ ᠨᠢ ᠲᠠᠷᠢᠶᠠᠯᠠᠩ ᠤᠨ ᠣᠳᠣᠬᠢᠴᠢᠯᠠᠯᠲᠠ ᠶᠢᠨ ᠬᠡᠷᠡᠭᠴᠡᠭᠡ ᠳᠤ ᠵᠣᠬᠢᠴᠠᠵᠤ᠂ ᠲᠠᠷᠢᠶᠠᠯᠠᠩ ᠤᠨ ᠬᠥᠭᠵᠢᠯᠲᠡ ᠶᠢᠨ ᠣᠶᠢᠯᠠᠭᠠᠭᠳᠠᠬᠤᠨ ᠤ ᠴᠢᠬᠤᠯᠠ ᠶᠡᠭᠡ ᠰᠢᠨ᠎ᠡ ᠡᠭᠦᠳᠦᠯᠲᠡ ᠪᠠᠶᠢᠵᠤ᠂ ᠡᠯᠪᠡᠭ ᠪᠠᠶᠠᠯᠢᠭ ᠰᠢᠨᠵᠢᠯᠡᠬᠦ ᠤᠬᠠᠭᠠᠨᠴᠢ ᠠᠭᠤᠯᠤᠭᠳᠠᠬᠤᠨ ᠲᠠᠢ ᠪᠠᠶᠢᠳᠠᠭ᠃       ᠡᠩ ᠲᠡᠷᠢᠭᠦᠨ ᠳᠤ᠂ ᠬᠠᠮ ᠲᠠᠷᠢᠶᠠᠯᠠᠩ ᠤᠨ ᠦᠵᠡᠯᠲᠡ ᠨᠢ ᠲᠣᠮᠣ ᠡᠬᠢ ᠪᠠᠶᠠᠯᠢᠭ ᠤᠨ ᠦᠵᠡᠯᠲᠡ ᠪᠠᠷ ᠤᠷᠢᠲᠠᠯ ᠪᠣᠯᠭᠠᠳᠠᠭ᠃ ᠵᠢᠵᠢᠭ ᠲᠠᠷᠢᠶᠠᠯᠠᠩ ᠤᠨ ᠦᠵᠡᠯᠲᠡ ᠨᠢ ᠤᠯᠠᠮᠵᠢᠯᠠᠯᠲᠤ ᠡᠬᠢ ᠪᠠᠶᠠᠯᠢᠭ ᠤᠨ ᠦᠵᠡᠯᠲᠡ ᠶᠢᠨ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠲᠠᠷᠢᠶᠠᠯᠠᠩ ᠢᠯᠠᠩᠭᠤᠶ᠎ᠠ ᠢᠳᠡᠭᠡᠨ ᠤ ᠦᠢᠯᠡᠳᠪᠦᠷᠢᠯᠡᠯ ᠨᠢ ᠲᠠᠷᠢᠶᠠᠨ ᠭᠠᠵᠠᠷ ᠤᠨ ᠡᠬᠢ ᠪᠠᠶᠠᠯᠢᠭ ᠲᠤ ᠳᠡᠭᠡᠳᠦ ᠬᠡᠮᠵᠢᠶ᠎ᠡ ᠪᠠᠷ ᠲᠦᠰᠢᠭᠯᠡᠵᠦ ᠪᠠᠶᠢᠳᠠᠭ᠃       ᠳᠠᠷᠠᠭᠠᠯᠠᠪᠠᠯ᠂ ᠬᠠᠮ ᠲᠠᠷᠢᠶᠠᠯᠠᠩ ᠤᠨ ᠦᠵᠡᠯᠲᠡ ᠠᠭᠤᠰᠤᠯᠴᠡᠨ ᠬᠥᠭᠵᠢᠬᠦ ᠶᠢ ᠴᠢᠬᠤᠯᠠᠴᠢᠯᠠᠳᠠᠭ᠃ ᠬᠠᠮ ᠲᠠᠷᠢᠶᠠᠯᠠᠩ ᠤᠨ ᠦᠵᠡᠯᠲᠡ ᠨᠢ ᠤᠯᠠᠮᠵᠢᠯᠠᠯᠲᠤ ᠲᠠᠷᠢᠶᠠᠯᠠᠩ ᠤᠨ ᠲᠦᠭᠵᠢᠮᠡᠯ ᠴᠢᠨᠠᠷ ᠢ ᠳᠠᠪᠠᠭᠠᠳ᠂ ᠲᠠᠷᠢᠵᠤ ᠲᠡᠵᠢᠭᠡᠬᠦ ᠦᠢᠯᠡᠰ ᠪᠠ ᠲᠠᠩ ᠴᠣᠯᠭᠤᠢ᠂ ︽ᠬᠠᠪᠳᠠᠭᠠᠢ︾ ᠲᠠᠷᠢᠶᠠᠯᠠᠩ ᠤᠨ ᠦᠢᠯᠡᠳᠪᠦᠷᠢᠯᠡᠯ ᠤᠨ ᠶᠠᠪᠤᠴᠠ ᠶᠢ ᠯᠠ ᠠᠩᠬᠠᠷᠬᠤ ᠲᠡᠳᠦᠢ ᠪᠢᠰᠢ ᠪᠣᠯᠵᠤ᠂ ᠬᠠᠷᠢᠨ ᠲᠠᠷᠢᠶᠠᠯᠠᠩ ᠤᠨ ᠦᠢᠯᠡᠳᠪᠦᠷᠢᠯᠡᠯ ᠠᠴᠠ ᠪᠣᠯᠪᠠᠰᠤᠷᠠᠭᠤᠯᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠲᠠᠷᠢᠶᠠᠯᠠᠩ ᠬᠢᠭᠡᠳ ᠪᠤᠰᠤᠳ ᠠᠵᠤ ᠦᠢᠯᠡᠰ ᠤᠨ ᠪᠦᠬᠦ ᠲᠠᠯ᠎ᠠ ᠶᠢᠨ ᠠᠭᠤᠰᠤᠯᠴᠠᠯ ᠢ ᠴᠢᠬᠤᠯᠠᠴᠢᠯᠠᠵᠤ᠂ ᠭᠠᠳᠠᠭᠠᠳᠤ ᠡᠬᠢ ᠪᠠᠶᠠᠯᠢᠭ ᠢ ᠣᠷᠣᠭᠤᠯᠵᠤ ᠠᠪᠴᠢᠷᠠᠬᠤ ᠪᠠ ᠠᠰᠢᠭᠯᠠᠬᠤ ᠶᠢ ᠴᠢᠬᠤᠯᠠᠴᠢᠯᠠᠭᠰᠠᠨ ᠠᠴᠠ ᠲᠠᠷᠢᠶᠠᠯᠠᠩ ᠤᠨ ᠠᠵᠤ ᠦᠢᠯᠡᠰ ᠤᠨ ᠵᠠᠭᠠᠭ ᠬᠢᠵᠠᠭᠠᠷ ᠪᠠ ᠦᠢᠯᠡᠳᠪᠦᠷᠢᠯᠡᠯ ᠤᠨ ᠣᠷᠣᠨ ᠵᠠᠢ ᠶᠢ ᠥᠷᠭᠡᠳᠬᠡᠵᠦ᠂ ᠲᠠᠷᠢᠶᠠᠯᠠᠩ ᠤᠨ ᠥᠷᠭᠡᠴᠡ ᠪᠠ ᠭᠦᠨᠴᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃       ᠭᠤᠷᠪᠠᠳᠤᠭᠠᠷ ᠲᠤ᠂ ᠬᠠᠮ ᠲᠠᠷᠢᠶᠠᠯᠠᠩ ᠤᠨ ᠦᠵᠡᠯᠲᠡ ᠪᠣᠯ ᠨᠢᠭᠡ ᠵᠦᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠦᠵᠡᠯᠲᠡ ᠮᠥᠨ᠃ ᠵᠢᠵᠢᠭ ᠲᠠᠷᠢᠶᠠᠯᠠᠩ ᠤᠨ ᠦᠵᠡᠯᠲᠡ ᠨᠢ ᠲᠠᠷᠢᠶᠠᠯᠠᠩ ᠤᠨ ᠴᠢᠳᠠᠮᠵᠢ ᠶᠢ ᠴᠢᠬᠤᠯᠠᠴᠢᠯᠠᠭᠠᠳ᠂ ᠬᠠᠮ ᠲᠠᠷᠢᠶᠠᠯᠠᠩ ᠤᠨ ᠦᠵᠡᠯᠲᠡ ᠨᠢ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ ᠂ ᠲᠠᠷᠢᠶᠠᠯᠠᠩ ᠤᠨ ᠤᠯᠠᠨ ᠴᠢᠳᠠᠮᠵᠢᠲᠤ ᠴᠢᠨᠠᠷ᠂ ᠶᠡᠷᠦᠩᠬᠡᠶᠢᠯᠡᠭᠰᠡᠨ ᠴᠢᠨᠠᠷ ᠢ ᠴᠢᠬᠤᠯᠠᠴᠢᠯᠠᠳᠠᠭ᠃ ᠤᠯᠠᠨ ᠴᠢᠳᠠᠮᠵᠢᠲᠤ ᠴᠢᠨᠠᠷ ᠠᠴᠠ ᠠᠪᠴᠤ ᠦᠵᠡᠪᠡᠯ᠂ ᠲᠠᠷᠢᠶᠠᠯᠠᠩ ᠨᠢ ᠠᠮᠤ ᠪᠤᠳᠠᠭ᠎ᠠ᠂ ᠢᠳᠡᠰᠢᠨ ᠨᠣᠭᠤᠭ᠎ᠠ᠂ ᠵᠢᠮᠢᠰ᠂ ᠮᠠᠯ ᠤᠨ ᠠᠰᠢᠭ ᠰᠢᠮ᠎ᠡ᠂ ᠤᠰᠤᠨ ᠭᠠᠷᠤᠯᠲᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠯᠡ ᠬᠠᠩᠭᠠᠬᠤ ᠲᠡᠳᠦᠢ ᠪᠢᠰᠢ᠂ ᠪᠠᠰᠠ ᠠᠮᠢ ᠠᠬᠤᠢ ᠶᠢᠨ ᠪᠦᠲᠦᠭᠡᠭᠳᠡᠬᠦᠨ᠂ ᠰᠣᠶᠣᠯ ᠤᠨ ᠪᠦᠲᠦᠭᠡᠭᠳᠡᠬᠦᠨ ᠵᠡᠷᠭᠡ ᠶᠢ ᠬᠠᠩᠭᠠᠳᠠᠭ᠃ ᠶᠡᠷᠦᠩᠬᠡᠶᠢᠯᠡᠭᠰᠡᠨ ᠴᠢᠨᠠᠷ ᠠᠴᠠ ᠦᠵᠡᠪᠡᠯ᠂ ᠲᠠᠷᠢᠶᠠᠯᠠᠩ ᠪᠣᠯ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠣᠶ ᠰᠢᠭᠤᠢ ᠵᠡᠷᠭᠡ ᠣᠯᠠᠨ ᠬᠦᠷᠢᠶ᠎ᠡ ᠵᠢᠴᠢ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠳᠤ ᠬᠤᠯᠪᠣᠭᠳᠠᠬᠤ ᠣᠷᠭᠠᠨᠢᠭ ᠪᠦᠬᠦᠯᠢ ᠴᠣᠭᠴᠠ ᠮᠥᠨ᠂ ᠰᠢᠰᠲ᠋ᠧᠮᠲᠦ ᠰᠡᠳᠬᠢᠬᠦᠢ ᠠᠴᠠ ᠡᠭᠦᠰᠴᠦ᠂ ᠪᠦᠬᠦᠯᠢ ᠴᠣᠭᠴᠠᠲᠤ ᠴᠢᠨᠠᠷ ᠪᠠ ᠵᠣᠬᠢᠴᠠᠩᠭᠤᠢ ᠴᠢᠨᠠᠷ ᠢ ᠴᠢᠬᠤᠯᠠᠴᠢᠯᠠᠨ᠂ ᠡᠯ᠎ᠡ ᠬᠦᠷᠢᠶ᠎ᠡ ᠡᠯ᠎ᠡ ᠭᠤᠭᠴᠤᠭ᠎ᠠ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠬᠡᠷᠡᠭᠲᠡᠢ᠃       ᠡᠴᠦᠰ ᠲᠤ᠂ ᠬᠠᠮ ᠲᠠᠷᠢᠶᠠᠯᠠᠩ ᠤᠨ ᠦᠵᠡᠯᠲᠡ ᠪᠣᠯ ᠨᠢᠭᠡ ᠵᠦᠢᠯ ᠤᠨ ᠪᠣᠬᠢᠷᠲᠤᠯ ᠦᠭᠡᠢ ᠬᠥᠭᠵᠢᠯᠲᠡ ᠶᠢᠨ ᠦᠵᠡᠯᠲᠡ ᠪᠣᠯᠣᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ ᠳᠤ᠂ ᠬᠠᠮ ᠲᠠᠷᠢᠶᠠᠯᠠᠩ ᠤᠨ ᠦᠵᠡᠯᠲᠡ ᠪᠣᠯ ᠮᠥᠨ ᠴᠦ ᠨᠢᠭᠡ ᠵᠦᠢᠯ ᠤᠨ ᠪᠣᠬᠢᠷᠲᠤᠯ ᠦᠭᠡᠢ ᠬᠥᠭᠵᠢᠯᠲᠡ ᠶᠢᠨ ᠦᠵᠡᠯᠲᠡ ᠪᠠ ᠦᠷᠭᠦᠯᠵᠢᠯᠡᠬᠦ ᠬᠥᠭᠵᠢᠯᠲᠡ ᠶᠢᠨ ᠦᠵᠡᠯᠲᠡ ᠮᠥᠨ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠲᠠᠷᠢᠶᠠᠯᠠᠩ᠂ ᠣᠷᠭᠠᠨᠢᠭ ᠲᠠᠷᠢᠶᠠᠯᠠᠩ᠂ ᠣᠷᠴᠢᠯᠳᠦ ᠲᠠᠷᠢᠶᠠᠯᠠᠩ᠂ ᠨᠡᠭᠦᠷᠡᠰᠦᠲᠥ᠋ᠷᠥᠭᠴᠢ ᠪᠠᠭ᠎ᠠ ᠲᠠᠷᠢᠶᠠᠯᠠᠩ ᠵᠡᠷᠭᠡ ᠶᠢ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ ᠤᠨ ᠠᠮᠢ ᠠᠬᠤᠶᠢᠵᠢᠭᠤᠯᠬᠤ ᠥᠭᠡᠷᠡᠴᠢᠯᠡᠯᠲᠡ ᠶᠢ ᠴᠢᠩᠭᠠᠳᠬᠠᠵᠤ᠂ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃       ᠰᠢᠰᠲ᠋ᠧᠮᠳᠦ ᠰᠡᠳᠬᠢᠬᠦᠢ ᠶᠢ ᠪᠠᠷᠢᠮᠲᠠᠯᠠᠵᠤ ᠣᠯᠠᠨ ᠡᠰᠢᠲᠦ ᠵᠠᠮ ᠢ ᠬᠠᠶᠢᠨ ᠰᠦᠪᠡᠭᠴᠢᠯᠡᠨ᠎ᠡ       ᠬᠠᠮ ᠲᠠᠷᠢᠶᠠᠯᠠᠩ ᠤᠨ ᠦᠵᠡᠯᠲᠡ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠬᠦ ᠳᠤ ᠤᠯᠠᠮᠵᠢᠯᠠᠯᠲᠤ ᠲᠠᠷᠢᠶᠠᠯᠠᠩ ᠤᠨ ᠰᠡᠳᠬᠢᠬᠦᠢ ᠶᠢᠨ ᠬᠡᠪᠰᠢᠮᠡᠯ ᠪᠠᠶᠢᠳᠠᠯ ᠢ ᠡᠪᠳᠡᠵᠦ᠂ ᠠᠵᠢᠯ ᠲᠦᠷᠦᠯ ᠤᠨ ᠵᠠᠭᠠᠭ ᠬᠢᠵᠠᠭᠠᠷ ᠪᠠ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠤᠯᠠᠨ ᠴᠢᠳᠠᠮᠵᠢ᠂ ᠨᠡᠭᠡᠭᠡᠯᠲᠡᠲᠤ᠂ ᠶᠡᠷᠦᠩᠬᠡᠶᠢᠯᠡᠭᠰᠡᠨ ᠬᠥᠭᠵᠢᠯᠲᠡ ᠶᠢ ᠲᠤᠪᠤᠶᠢᠯᠭᠠᠵᠤ᠂ ᠠᠮᠤ ᠪᠤᠳᠠᠭ᠎ᠠ ᠠᠵᠤ ᠠᠬᠤᠢ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠬᠦ᠂ ᠲᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠬᠤ᠂ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠨᠡᠪᠲᠡᠷᠡᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠢᠢ ᠴᠢᠬᠤᠯᠠᠴᠢᠯᠠᠵᠤ᠂ ᠬᠥᠳᠡᠭᠡ ᠠᠵᠤ ᠠᠬᠤᠢ ᠶᠢ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠴᠢᠨᠠᠷ ᠰᠠᠶᠢᠲᠠᠢ ᠵᠣᠬᠢᠴᠠᠩᠭᠤᠢ ᠬᠥᠭᠵᠢᠭᠰᠡᠨ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠬᠠᠮ ᠲᠠᠷᠢᠶᠠᠯᠠᠩ ᠤᠨ ᠦᠵᠡᠯᠲᠡ ᠶᠢ ᠦᠢᠯᠡᠳᠦᠯᠭᠡᠵᠢᠭᠦᠯᠬᠦ ᠳᠤ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠤᠯᠠᠨ ᠡᠰᠢᠵᠢᠭᠰᠡᠨ ᠠᠬᠢᠭᠤᠯᠬᠤ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃       ᠨᠢᠭᠡ ᠳᠤ᠂ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃ ᠤᠯᠠᠮᠵᠢᠯᠠᠯᠲᠤ ᠲᠠᠷᠢᠶᠠᠯᠠᠩ ᠤᠨ ᠦᠵᠡᠯᠲᠡ ᠨᠢ ᠠᠮᠤ ᠪᠤᠳᠠᠭᠠᠨ ᠤ ᠲᠤᠭ᠎ᠠ ᠬᠡᠮᠵᠢᠶᠡᠨ ᠤ ᠬᠠᠩᠭᠠᠯᠭ᠎ᠠ ᠶᠢ ᠪᠠᠲᠤᠯᠠᠬᠤ ᠪᠠᠷ ᠭᠤᠣᠯ ᠪᠣᠯᠭᠠᠨ᠎ᠠ᠃ ᠬᠠᠮ ᠲᠠᠷᠢᠶᠠᠯᠠᠩ ᠤᠨ ᠦᠵᠡᠯᠲᠡ ᠨᠢ ᠲᠠᠷᠢᠶᠠᠯᠠᠩ ᠤᠨ ᠤᠯᠠᠨ ᠴᠢᠳᠠᠮᠵᠢᠲᠤ ᠴᠢᠨᠠᠷ ᠢ ᠴᠢᠬᠤᠯᠠᠴᠢᠯᠠᠵᠤ᠂ ᠠᠳᠠᠯᠢᠬᠠᠨ ᠢᠶᠠᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠲᠤᠭ᠎ᠠ ᠬᠡᠮᠵᠢᠶᠡᠨ ᠤ ᠠᠮᠤᠷ ᠲᠦᠪᠰᠢᠨ ᠢ ᠴᠢᠬᠤᠯᠠᠴᠢᠯᠠᠬᠤ ᠪᠠᠷ ᠪᠠᠷᠠᠬᠤ ᠦᠭᠡᠢ ᠴᠢᠳᠠᠪᠤᠷᠢ ᠶᠢᠨ ᠠᠮᠤᠷ ᠲᠦᠪᠰᠢᠨ᠂ ᠶᠠᠰᠤ ᠴᠢᠨᠠᠷ ᠤᠨ ᠠᠮᠤᠷ ᠲᠦᠪᠰᠢᠨ᠂ ᠰᠢᠮ᠎ᠡ ᠲᠡᠵᠢᠭᠡᠯ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠨᠡᠩ ᠴᠢᠬᠤᠯᠠᠴᠢᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠲᠠᠷᠢᠶᠠᠨ ᠭᠠᠵᠠᠷ ᠤᠨ ᠠᠰᠢᠭᠯᠠᠯᠲᠠ ᠶᠢ ᠲᠡᠷᠢᠭᠦᠨ ᠳᠤ ᠲᠠᠯᠪᠢᠬᠤ ᠲᠡᠰ ᠳᠠᠷᠠᠭᠠᠯᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ︽ᠭᠤᠷᠪᠠᠨ ᠬᠢᠵᠠᠭᠠᠷᠯᠠᠬᠤ ᠱᠤᠭᠤᠮ︾ ᠢ ᠴᠢᠩᠭ᠎ᠠ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠠᠷᠴᠢᠮ ᠳᠡᠭᠡᠷ᠎ᠡ ᠪᠠᠨ ᠪᠦᠬᠦᠨ ᠢ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠵᠦ᠂ ᠲᠣᠮᠣ ᠲᠠᠷᠢᠶᠠᠯᠠᠩ ᠢ ᠬᠥᠭᠵᠢᠭᠦᠯᠬᠦ ᠨᠡᠷ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠪᠳᠡᠬᠦ ᠶᠢ ᠴᠠᠭᠠᠵᠠᠯᠠᠬᠤ ᠬᠡᠷᠡᠭᠲᠡᠢ᠃       ᠬᠤᠶᠠᠷ ᠲᠤ᠂ ᠲᠠᠷᠢᠶᠠᠯᠠᠩ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠰᠢᠭᠯᠠᠨ᠎ᠠ᠃ ᠮᠠᠨ ᠤ ᠤᠯᠤᠰ ᠤᠨ ᠲᠠᠷᠢᠶᠠᠨ ᠭᠠᠵᠠᠷ ᠤᠨ ᠡᠬᠢ ᠪᠠᠶᠠᠯᠢᠭ ᠬᠢᠵᠠᠭᠠᠷ ᠲᠠᠢ ᠂ ᠬᠥᠮᠥᠨ ᠳᠤᠮᠳᠠᠴᠢ ᠶᠢᠨ ᠲᠠᠷᠢᠶᠠᠨ ᠭᠠᠵᠠᠷ ᠤᠨ ᠲᠠᠯᠠᠪᠠᠶ ᠳᠡᠯᠡᠬᠡᠢ ᠶᠢᠨ ᠳᠤᠮᠳᠠᠴᠢ ᠬᠢᠷᠢ ᠲᠦᠪᠰᠢᠨ ᠤ 40% ᠳᠤ ᠬᠦᠷᠬᠦ ᠦᠭᠡᠢ ᠪᠠᠶᠢᠨ᠎ᠠ᠃ 2023 ᠣᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠦᠨᠳᠦᠰᠦᠯᠡᠪᠡᠯ᠂ 12860.88 ᠲᠦᠮᠡᠨ ᠾᠧᠺᠲ᠋ᠠᠷ ᠲᠠᠷᠢᠶᠠᠨ ᠭᠠᠵᠠᠷ ᠠᠴᠠ ᠭᠠᠳᠠᠨ᠎ᠠ᠂ ᠮᠠᠨ ᠤ ᠤᠯᠤᠰ ᠲᠤ ᠪᠠᠰᠠ 28369.57 ᠲᠦᠮᠡᠨ ᠾᠧᠺᠲ᠋ᠠᠷ ᠣᠶᠢᠲᠤ ᠭᠠᠵᠠᠷ᠂ 26321.57 ᠲᠦᠮᠡᠨ ᠾᠧᠺᠲ᠋ᠠᠷ ᠲᠠᠯ᠎ᠠ ᠭᠠᠵᠠᠷ ᠪᠠ 2351.98 ᠲᠦᠮᠡᠨ ᠾᠧᠺᠲ᠋ᠠᠷ ᠨᠤᠭᠤ ᠭᠠᠵᠠᠷ ᠲᠠᠢ᠃       ᠭᠤᠷᠪᠠ ᠳᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ ᠦᠵᠡᠯᠲᠡ ᠨᠢ ᠬᠠᠮ ᠢᠳᠡᠭᠡᠨ ᠤ ᠦᠵᠡᠯᠲᠡ ᠲᠠᠢ ᠨᠢᠭᠲᠠ ᠬᠤᠯᠪᠣᠭᠳᠠᠵᠤ ᠪᠠᠶᠢᠳᠠᠭ᠂ ᠣᠳᠣᠬᠢᠴᠢᠯᠠᠭᠰᠠᠨ ᠬᠠᠮ ᠲᠠᠷᠢᠶᠠᠯᠠᠩ ᠢ ᠬᠥᠭᠵᠢᠭᠦᠯᠬᠦ ᠨᠢ ᠬᠥᠳᠡᠭᠡ ᠲᠣᠰᠬᠤᠨ ᠤ ᠠᠵᠤ ᠦᠢᠯᠡᠰ ᠤᠨ ᠤᠯᠠᠨ ᠶᠠᠩᠵᠤᠴᠢᠯᠠᠯᠳᠠ ᠢᠢ ᠠᠬᠢᠭᠤᠯᠵᠤ᠂ ᠤᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠳᠤ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃ ᠡᠶᠢᠮᠦ ᠠᠴᠠ ᠮᠥᠨ ᠴᠢᠨᠠᠷ ᠠᠴᠠ ᠨᠢ ᠠᠪᠴᠤ ᠦᠵᠡᠪᠡᠯ ᠬᠠᠮ ᠲᠠᠷᠢᠶᠠᠯᠠᠩ ᠤᠨ ᠦᠵᠡᠯᠲᠡ ᠪᠣᠯ ᠮᠥᠨ ᠴᠦ ᠨᠢᠭᠡ ᠵᠦᠢᠯ ᠤᠨ ᠲᠣᠮᠣ ᠠᠵᠤ ᠦᠢᠯᠡᠰ ᠤᠨ ᠦᠵᠡᠯᠲᠡ ᠮᠥᠨ᠂ ᠭᠤᠯᠳᠤ ᠴᠢᠭᠯᠡᠯ ᠢᠶᠠᠷ ᠤᠷᠲᠤᠳᠬᠠᠬᠤ ᠪᠠ ᠬᠥᠨᠳᠡᠯᠡᠨ ᠴᠢᠭᠯᠡᠯ ᠢᠶᠠᠷ ᠠᠭᠤᠰᠣᠯᠴᠠᠭᠤᠯᠬᠤ ᠰᠡᠳᠬᠢᠴᠡ ᠪᠠᠷ ᠲᠠᠷᠢᠶᠠᠯᠠᠩ ᠤᠨ ᠠᠵᠤ ᠦᠢᠯᠡᠰᠵᠢᠯᠲᠡ ᠶᠢᠨ ᠠᠬᠢᠴᠠ ᠶᠢ ᠦᠷᠭᠦᠯᠵᠢᠯᠡᠨ ᠠᠬᠢᠭᠤᠯᠬᠤ ᠴᠢᠬᠤᠯᠠᠲᠠᠢ ᠶᠤᠮ᠃ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠡᠰ ᠳᠡᠪᠰᠢᠬᠦ ᠪᠠ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠪᠣᠯᠣᠨ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠡᠪᠴᠢᠶᠡᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ᠂ ᠣᠶᠤᠨᠴᠢᠯᠠᠭᠰᠠᠨ᠂ ᠠᠮᠢ ᠠᠬᠤᠶᠢᠵᠢᠭᠰᠠᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠢ᠃       ᠳᠥᠷᠪᠡ ᠳᠤ᠂ ᠣᠯᠠᠨ ᠬᠡᠯᠪᠡᠷᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠣᠳᠣᠬᠠᠨ ᠳᠤ ᠮᠠᠨ ᠤ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠮᠥᠨ ᠯᠡ ᠪᠠᠭ᠎ᠠ ᠬᠡᠪᠴᠢᠶᠡᠨ ᠤ ᠲᠠᠷᠠᠬᠠᠢ ᠡᠵᠡᠩᠨᠡᠯᠲᠡ ᠪᠠᠷ ᠭᠤᠣᠯ ᠴᠣᠭᠴᠠ ᠪᠣᠯᠭᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠢᠵᠢᠭ ᠲᠠᠷᠢᠶᠠᠴᠢᠨ ᠡᠷᠦᠬᠡ ᠤᠷᠲᠤ ᠬᠤᠭᠤᠴᠠᠭ᠎ᠠ ᠪᠠᠷ ᠣᠷᠣᠰᠢᠬᠤ ᠪᠥᠭᠡᠳ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃ ᠬᠠᠮ ᠲᠠᠷᠢᠶᠠᠯᠠᠩ ᠤᠨ ᠦᠵᠡᠯᠲᠡ ᠨᠢ ᠵᠢᠵᠢᠭ ᠲᠠᠷᠢᠶᠠᠴᠢᠨ ᠡᠷᠤᠭᠡ ᠶᠢ ᠦᠭᠡᠶᠢᠰᠬᠡᠬᠦ ᠪᠠ ᠭᠠᠳᠠᠭᠤᠷᠴᠢᠯᠠᠬᠤ ᠶᠠᠪᠤᠳᠠᠯ ᠪᠢᠰᠢ᠂ ᠬᠠᠷᠢᠨ ᠡᠭᠦᠨ ᠤ ᠡᠰᠡᠷᠭᠦ ᠪᠠᠷ ᠤᠯᠠᠮᠵᠢᠯᠠᠯᠲᠤ ᠵᠢᠵᠢᠭ ᠲᠠᠷᠢᠶᠠᠴᠢᠨ ᠡᠷᠤᠭᠡ ᠶᠢ ᠥᠭᠡᠷᠡᠴᠢᠯᠡᠬᠦ ᠠᠵᠢᠯ ᠢ ᠴᠢᠩᠭᠠᠳᠬᠠᠵᠤ᠂ ᠤᠯᠠᠨ ᠡᠰᠢᠵᠢᠭᠰᠡᠨ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠥᠷᠭᠡᠨ ᠤᠯᠠᠨ ᠵᠢᠵᠢᠭ ᠲᠠᠷᠢᠶᠠᠴᠢᠨ ᠡᠷᠤᠭᠡ ᠶᠢ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ ᠳᠤ ᠲᠠᠳᠠᠨ ᠣᠷᠣᠭᠤᠯᠵᠤ᠂ ᠤᠳᠤ ᠦᠶ᠎ᠡ ᠶᠢᠨ ᠲᠠᠷᠢᠶᠠᠯᠠᠩ ᠢᠶᠠᠷ ᠰᠠᠭᠤᠷᠢ ᠪᠣᠯᠭᠠᠭᠰᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠴᠡᠴᠡᠭᠯᠡᠨ ᠬᠥᠭᠵᠢᠭᠰᠡᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠤᠢ ᠪᠣᠯᠭᠠᠬᠤ ᠶᠢ ᠠᠬᠢᠭᠤᠯᠤᠨ᠎ᠠ᠃       ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠦᠨ᠎ᠡ       ᠣᠳᠣᠬᠢᠴᠢᠯᠠᠭᠰᠠᠨ ᠲᠣᠮᠣ ᠲᠠᠷᠢᠶᠠᠯᠠᠩ ᠪᠣᠯ ᠠᠵᠤ ᠠᠬᠤᠢ ᠨᠡᠶᠢᠭᠡᠮ ᠬᠥᠭᠵᠢᠭᠡᠳ ᠵᠣᠬᠢᠬᠤ ᠱᠠᠲᠤᠨ ᠳᠤ ᠬᠦᠷᠦᠭᠰᠡᠨ ᠪᠦᠲᠦᠭᠡᠭᠳᠡᠬᠦᠨ ᠮᠥᠨ᠃ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠢ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠪᠣᠯ ᠬᠠᠮ ᠲᠠᠷᠢᠶᠠᠯᠠᠩ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ ᠬᠦᠳᠡᠭᠡ ᠠᠵᠦ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠶᠢᠨ ᠭᠤᠣᠯ ᠴᠢᠷᠮᠠᠶᠢᠬᠤ ᠴᠢᠭᠯᠡᠯ ᠮᠥᠨ᠃ ᠮᠠᠨ ᠤ ᠤᠯᠤᠰ ᠤᠨ ᠲᠠᠷᠢᠶᠠᠯᠠᠩ ᠤᠨ ᠭᠠᠵᠠᠷ ᠣᠷᠣᠨ ᠤ ᠵᠥᠷᠢᠶ᠎ᠡ ᠢᠯᠡᠷᠬᠡᠢ ᠪᠠᠶᠢᠵᠤ᠂ ᠡᠯ᠎ᠡ ᠭᠠᠵᠠᠷ ᠣᠷᠣᠨ ᠤ ᠪᠠᠶᠢᠳᠠᠯ ᠮᠠᠰᠢ ᠶᠡᠭᠡ ᠵᠥᠷᠢᠶ᠎ᠡ ᠲᠠᠢ ᠪᠠᠶᠢᠳᠠᠭ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠴᠠᠯᠢᠭ ᠢᠶᠠᠨ ᠲᠤᠪᠤᠶᠢᠯᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠭᠪᠤᠷ ᠢ ᠰᠣᠩᠭᠤᠬᠤ ᠬᠡᠷᠡᠭᠲᠡᠢ᠂ ᠪᠤᠰᠤᠳ ᠭᠠᠵᠠᠷ ᠣᠷᠣᠨ ᠤ ᠬᠢᠬᠦ ᠠᠷᠭ᠎ᠠ ᠶᠢ ᠰᠣᠬᠤᠷ ᠪᠠᠯᠠᠢ ᠪᠠᠷ ᠨᠡᠭᠦᠯᠭᠡᠨ ᠬᠡᠷᠡᠭᠯᠡᠵᠦ ᠶᠠᠭᠠᠬᠢᠭᠰᠠᠨ ᠴᠤ ᠪᠣᠯᠬᠤ ᠦᠭᠡᠢ᠃       ᠨᠢᠭᠡ ᠳᠤ᠂ ᠣᠳᠣᠬᠢᠴᠢᠯᠠᠭᠰᠠᠨ ᠶᠡᠭᠡ ᠬᠡᠪᠴᠢᠶᠡᠨ ᠤ ᠲᠠᠷᠢᠶᠠᠯᠠᠩ ᠢ ᠰᠦᠪᠡᠭᠴᠢᠯᠡᠨ ᠬᠥᠭᠵᠢᠭᠦᠯᠦᠨ᠎ᠡ᠃ ᠢᠪᠴᠤᠤ ᠤᠳᠬ᠎ᠠ ᠠᠴᠠ ᠠᠪᠴᠤ ᠦᠵᠡᠪᠡᠯ᠂ ᠬᠠᠮ ᠲᠠᠷᠢᠶᠠᠯᠠᠩ ᠢ ᠶᠡᠭᠡ ᠬᠡᠪᠴᠢᠶᠡᠨ ᠤ ᠲᠠᠷᠢᠶᠠᠯᠠᠩ ᠭᠡᠵᠦ ᠣᠶᠢᠯᠠᠭᠠᠵᠤ ᠪᠣᠯᠣᠨ᠎ᠠ᠂ ᠲᠡᠷᠡ ᠨᠢ ᠶᠡᠭᠡ ᠬᠡᠪᠴᠢᠶᠡᠨ ᠤ᠂ ᠲᠣᠮᠣ ᠠᠵᠤ ᠠᠬᠤᠶᠢᠯᠠᠯ᠂ ᠲᠣᠮᠣ ᠲᠠᠷᠢᠶᠠᠯᠠᠩ ᠤᠨ ᠮᠠᠰᠢᠨ ᠵᠡᠷᠭᠡ ᠪᠠᠷ ᠭᠤᠣᠯ ᠣᠨᠴᠠᠯᠢᠭ ᠢᠶᠠᠨ ᠪᠣᠯᠭᠠᠳᠠᠭ᠃ ᠳᠡᠯᠭᠡᠷᠡᠩᠭᠦᠢ ᠤᠳᠬ᠎ᠠ ᠠᠴᠠ ᠠᠪᠴᠤ ᠦᠵᠡᠪᠡᠯ᠂ ᠲᠣᠮᠣ ᠲᠠᠷᠢᠶᠠᠯᠠᠩ ᠪᠣᠯ ᠠᠵᠢᠯ ᠲᠥᠷᠥᠯ ᠤᠨ ᠵᠠᠭᠠᠭ ᠬᠢᠵᠠᠭᠠᠷ ᠢ ᠡᠪᠳᠡᠵᠦ᠂ ᠣᠯᠠᠨ ᠬᠦᠷᠢᠶ᠎ᠡ ᠬᠡᠪᠴᠢᠶ᠎ᠡ ᠳᠤ ᠬᠤᠯᠪᠣᠭᠳᠠᠬᠤ ᠲᠣᠮᠣ ᠠᠵᠤ ᠦᠢᠯᠡᠰ ᠮᠥᠨ᠂ ᠣᠳᠣᠬᠢᠴᠢᠯᠠᠭᠰᠠᠨ ᠶᠡᠭᠡ ᠬᠡᠪᠴᠢᠶᠡᠨ ᠤ ᠲᠠᠷᠢᠶᠠᠯᠠᠩ ᠨᠢ ᠣᠳᠣᠬᠢᠴᠢᠯᠠᠭᠰᠠᠨ ᠲᠣᠮᠣ ᠲᠠᠷᠢᠶᠠᠯᠠᠩ ᠤᠨ ᠨᠢᠭᠡ ᠵᠦᠢᠯ ᠤᠨ ᠬᠡᠯᠪᠡᠷᠢ ᠪᠣᠯᠤᠭᠰᠠᠨ ᠤ ᠬᠤᠪᠢ ᠳᠤ᠂ ᠬᠥᠮᠥᠨ ᠳᠤᠮᠳᠠᠴᠢ ᠳᠤ ᠨᠣᠭᠳᠠᠬᠤ ᠲᠠᠷᠢᠶᠠᠨ ᠭᠠᠵᠠᠷ ᠨᠡᠯᠢᠶᠡᠳ ᠠᠷᠪᠢᠨ ᠪᠠᠶᠢᠬᠤ ᠭᠠᠵᠠᠷ ᠣᠷᠣᠨ ᠳᠤ ᠲᠣᠬᠢᠷᠠᠨ᠎ᠠ᠃       ᠬᠤᠶᠠᠷ ᠲᠤ᠂ ᠵᠣᠬᠢᠬᠤ ᠬᠡᠪᠴᠢᠶᠡᠲᠦ ᠡᠵᠡᠩᠨᠡᠯᠲᠡ ᠶᠢᠨ ᠣᠳᠣᠬᠢᠴᠢᠯᠠᠭᠰᠠᠨ ᠲᠣᠮᠣ ᠲᠠᠷᠢᠶᠠᠯᠠᠩ ᠢ ᠳᠡᠯᠭᠡᠷᠡᠭᠦᠯᠦᠨ᠎ᠡ᠃ ᠮᠠᠨ ᠤ ᠤᠯᠤᠰ ᠤᠨ ᠶᠡᠬᠡᠩᠬᠢ ᠬᠡᠰᠡᠭ ᠭᠠᠵᠠᠷ ᠣᠷᠣᠨ ᠤ ᠬᠥᠮᠥᠨ ᠳᠤᠮᠳᠠᠴᠢ ᠶᠢᠨ ᠲᠠᠷᠢᠶᠠᠨ ᠭᠠᠵᠠᠷ ᠨᠢ ᠬᠢᠵᠠᠭᠠᠷ ᠲᠠᠢ᠂ ᠭᠠᠵᠠᠷ ᠰᠢᠷᠣᠢ ᠶᠢᠨ ᠡᠵᠡᠩᠨᠡᠯᠲᠡ ᠶᠢᠨ ᠬᠡᠪᠴᠢᠶ᠎ᠡ ᠨᠢ ᠨᠡᠯᠢᠶᠡᠳ ᠪᠠᠭ᠎ᠠ᠂ ᠭᠠᠵᠠᠷ ᠨᠢ ᠲᠠᠷᠠᠬᠠᠢ ᠪᠤᠲᠠᠷᠬᠠᠢ ᠪᠠᠶᠢᠳᠠᠭ᠂ ᠡᠨᠡ ᠨᠢ ᠡᠯ᠎ᠡ ᠭᠠᠵᠠᠷ ᠤᠨ ᠬᠢᠨ ᠴᠥᠮ ᠶᠡᠭᠡ ᠬᠡᠪᠴᠢᠶᠡᠨ ᠤ ᠲᠠᠷᠢᠶᠠᠯᠠᠩ᠂ ᠲᠣᠮᠣ ᠮᠠᠰᠢᠨ ᠮᠧᠬᠠᠨᠢᠭ ᠢᠶᠠᠷ ᠠᠵᠢᠯᠯᠠᠬᠤ ᠪᠣᠯᠣᠯᠴᠠᠭ᠎ᠠ ᠦᠭᠡᠢ ᠪᠠᠶᠢᠬᠤ ᠶᠢ ᠲᠣᠭᠲᠠᠭᠠᠭᠰᠠᠨ ᠪᠠᠶᠢᠨ᠎ᠠ᠃ ᠡᠶᠢᠮᠦ ᠠᠴᠠ ᠬᠠᠮ ᠲᠠᠷᠢᠶᠠᠯᠠᠩ ᠤᠨ ᠦᠵᠡᠯᠲᠡ ᠶᠢᠨ ᠣᠶᠢᠯᠠᠭᠠᠭᠳᠠᠬᠤᠨ ᠢᠶᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠣᠬᠢᠰᠲᠠᠢ ᠬᠡᠪᠴᠢᠶᠡᠲᠦ ᠡᠵᠡᠩᠨᠡᠯᠲᠡ ᠶᠢᠨ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠣᠯ ᠦᠨᠳᠦᠰᠦᠨ ᠴᠢᠭᠯᠡᠯ ᠪᠣᠯᠣᠨ᠎ᠠ᠃       ᠭᠤᠷᠪᠠ ᠳᠤ᠂ ᠣᠳᠣ ᠦᠶ᠎ᠡ ᠶᠢᠨ ᠲᠣᠮᠣ ᠬᠤᠲᠠ ᠶᠢᠨ ᠲᠠᠷᠢᠶᠠᠯᠠᠩ ᠢ ᠬᠥᠭᠵᠢᠭᠦᠯᠬᠦ ᠶᠢ ᠳᠡᠮᠵᠢᠨ᠎ᠡ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠠᠴᠠ ᠳᠡᠭᠡᠭᠰᠢᠬᠢ ᠲᠣᠮᠣ ᠬᠤᠲᠠ 35 ᠪᠣᠶ᠂ ᠡᠭᠦᠨ ᠳᠤ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ ᠬᠥᠮᠥᠨ ᠠᠮᠠ 500 ᠲᠦᠮᠡ ᠠᠴᠠ ᠳᠡᠭᠡᠭᠰᠢᠬᠢ ᠬᠡᠲᠦ ᠶᠡᠭᠡ ᠣᠨᠴᠠ ᠶᠡᠭᠡ ᠬᠤᠲᠠ 21 ᠪᠣᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ ᠳᠤ ᠂ ᠨᠢᠭᠡ ᠪᠦᠯᠦᠭ ᠬᠤᠲᠠᠴᠢᠯᠠᠭᠰᠠᠨ ᠬᠡᠮᠵᠢᠶ᠎ᠡ ᠪᠠᠷ ᠥᠨᠳᠥᠷ ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠤᠨ ᠬᠥᠭᠵᠢᠭᠦᠯᠦᠨ᠎ᠡ ᠭᠡᠵᠦ ᠲᠣᠳᠣᠷᠬᠠᠢ ᠳᠤᠷᠠᠳᠴᠠᠢ᠃ ᠡᠳᠡᠭᠡᠷ ᠲᠣᠮᠣ ᠬᠤᠲᠠ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠠ ᠬᠤᠲᠠ ᠬᠥᠳᠡᠭᠡ ᠶᠢ ᠠᠭᠤᠰᠤᠯᠴᠠᠭᠤᠯᠬᠤ ᠬᠢᠷᠢ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠲᠠᠷᠢᠶᠠᠯᠠᠩ ᠤᠨ ᠣᠳᠣᠬᠢᠴᠢᠯᠠᠯᠲᠠ ᠡᠮᠦᠨ᠎ᠡ ᠡᠩᠨᠡᠭᠡᠨ ᠳᠤ ᠶᠠᠪᠤᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠲᠣᠮᠣ ᠬᠤᠲᠠ ᠶᠢᠨ ᠲᠠᠷᠢᠶᠠᠯᠠᠩ᠂ ᠵᠢᠱᠢᠶᠡᠯᠡᠪᠡᠯ ᠲᠣᠭᠤᠷᠢᠨ ᠦᠵᠡᠬᠦ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠪᠡᠶᠡᠴᠢᠯᠡᠨ ᠣᠶᠢᠯᠠᠭᠠᠬᠤ ᠲᠠᠷᠢᠶᠠᠯᠠᠩ᠂ ᠵᠢᠭᠤᠯᠴᠢᠯᠠᠯ ᠤᠨ ᠲᠠᠷᠢᠶᠠᠯᠠᠩ ᠵᠡᠷᠭᠡ ᠶᠢ ᠬᠥᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ᠃       ᠳᠥᠷᠪᠡ ᠳᠤ᠂ ᠣᠨᠴᠠᠯᠢᠭᠲᠤ ᠣᠳᠣᠬᠢᠴᠢᠯᠠᠭᠰᠠᠨ ᠲᠣᠮᠣ ᠲᠠᠷᠢᠶᠠᠯᠠᠩ ᠢ ᠢᠳᠡᠪᠬᠢᠲᠡᠢ ᠬᠥᠭᠵᠢᠭᠦᠯᠦᠨ᠎ᠡ᠃ ᠣᠨᠴᠠᠯᠢᠭᠲᠤ ᠲᠠᠷᠢᠶᠠᠯᠠᠩ ᠪᠣᠯ ᠣᠷᠣᠨ ᠪᠦᠰᠡ ᠶᠢᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠬᠥᠭᠵᠢᠵᠦ ᠢᠷᠡᠭᠰᠡᠨ ᠲᠠᠷᠢᠶᠠᠯᠠᠩ ᠤᠨ ᠲᠦᠷᠦᠯ ᠬᠡᠯᠪᠡᠷᠢ ᠮᠥᠨ᠃ ᠨᠢᠭᠡ ᠵᠦᠢᠯ ᠤᠨ ᠲᠦᠭᠡᠮᠡᠯ ᠴᠢᠨᠠᠷ ᠪᠦᠬᠦᠢ ᠴᠣ᠋ ᠰᠢᠨ᠎ᠡ ᠲᠠᠷᠢᠶᠠᠯᠠᠩ ᠤᠨ ᠬᠥᠭᠵᠢᠯᠲᠡ ᠶᠢᠨ ᠣᠶᠢᠯᠠᠭᠠᠭᠳᠠᠬᠤᠨ ᠪᠣᠯᠤᠭᠰᠠᠨ ᠤ ᠬᠤᠪᠢ ᠳᠤ᠂ ᠬᠠᠮ ᠲᠠᠷᠢᠶᠠᠯᠠᠩ ᠤᠨ ᠦᠵᠡᠯᠲᠡ ᠪᠣᠯ ᠮᠥᠨ ᠴᠦ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠦᠨᠳᠦᠰᠦᠨ ᠵᠢᠷᠤᠮᠯᠠᠯ ᠮᠥᠨ᠃ ᠮᠠᠨ ᠤ ᠤᠯᠤᠰ ᠲᠤ ᠡᠯᠪᠡᠭ ᠪᠠᠶᠠᠯᠢᠭ ᠣᠨᠴᠠᠯᠢᠭᠲᠤ ᠲᠠᠷᠢᠶᠠᠯᠠᠩ ᠤᠨ ᠡᠬᠢ ᠪᠠᠶᠠᠯᠢᠭ ᠲᠠᠢ ᠶᠤᠮ᠂ ᠡᠯ᠎ᠡ ᠭᠠᠵᠠᠷ ᠤᠨ ᠬᠢᠨ ᠲᠤᠰ ᠪᠡᠶ᠎ᠡ ᠶᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠲᠦᠷᠦᠯ ᠵᠦᠢᠯ ᠨᠢ ᠤᠯᠠᠨ ᠶᠠᠩᠵᠤ ᠶᠢᠨ᠂ ᠲᠤᠰ ᠲᠤᠰ ᠤᠨ ᠳᠠᠪᠠᠭᠤᠯᠢᠭ ᠲᠠᠢ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠢ ᠬᠥᠭᠵᠢᠭᠦᠯᠵᠦ᠂ ᠣᠨᠴᠠᠯᠢᠭᠲᠤ ᠣᠳᠣᠬᠢᠴᠢᠯᠠᠭᠰᠠᠨ ᠬᠠᠮ ᠲᠠᠷᠢᠶᠠᠯᠠᠩ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠨᠢ ᠥᠷᠭᠡᠨ ᠠᠭᠤᠳᠠᠮ ᠠᠯᠤᠰ ᠢᠷᠡᠭᠡᠳᠦᠢ ᠲᠠᠢ ᠶᠤᠮ᠃       ︵ᠵᠣᠬᠢᠶᠠᠭᠴᠢ ᠶᠢᠨ ᠬᠠᠶ᠋ᠢᠬ᠄ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠳᠤᠯᠭᠠᠨ ᠤ ᠲᠥᠪ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ