6 ᠰᠠᠷ᠎ᠠ ᠶᠢᠨ 4 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ | ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠡᠨᠧᠷᠭᠢ᠂ ᠮᠠᠯ ᠠᠵᠤ ᠠᠬᠤᠢ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ | ᠬᠦᠷᠢᠶᠡᠨ ᠳᠠᠬᠢ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠠᠶᠢᠭᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠵᠤ᠂ ᠳᠡᠳ᠋ ᠲᠡᠷᠢᠭᠦᠯᠡᠭᠴᠢ | ᠨᠠᠷ ᠢ ᠬᠤᠪᠢᠳᠠᠨ ᠬᠠᠮᠢᠶᠠᠷᠴᠤ ᠤᠠᠶᠢᠭᠠ ᠬᠦᠷᠢᠶ᠎ᠡ ᠪᠠᠨ ᠲᠤᠭᠤᠰᠢᠲᠠᠢ ᠠᠩᠬᠠᠷᠴᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠵᠤ᠂ ᠵᠢᠭᠰᠠᠭᠠᠨ | ᠤᠠᠶᠢᠴᠠᠭᠠᠵᠤ ᠤᠠᠶᠢᠳᠠᠯ ᠢ ᠣᠶᠢᠯᠠᠭᠠᠬᠤ ᠠᠴᠠ ᠠᠪᠤᠭᠠᠳ ᠥᠷᠢᠲᠦᠭᠰᠡᠨ ᠴᠠᠯᠢᠩ ᠢ ᠥᠭᠬᠦ ᠪᠦᠭᠦ ᠶᠠᠪᠤᠴᠠ ᠶᠢ ᠤᠢᠲᠡᠭᠦᠦ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ | ᠬᠥᠯᠥᠰᠦᠨ ᠮᠠᠯᠴᠢᠨ ᠲᠠᠷᠢᠶᠠᠴᠢᠨ ᠤ ᠶᠠᠳᠠᠷᠠᠵᠤ ᠵᠦᠳᠡᠷᠡᠵᠦ ᠣᠯᠣᠭᠰᠠᠨ ᠵᠣᠭᠤᠰ ᠢ ᠲᠤᠭ᠎ᠠ ᠶᠣᠰᠣᠭᠠᠷ ᠨᠢ ᠭᠠᠷ ᠲᠤᠨᠢ ᠠᠳᠬᠤᠭᠤᠯᠬᠤ ᠶᠢ ᠤᠠᠲᠤᠯᠠᠬᠤ ᠬᠡᠷᠡᠭᠲᠡᠢ᠃ | ᠴᠠᠯᠢᠩ ᠥᠷᠢᠲᠦᠬᠦ ᠶᠢ ᠵᠠᠰᠠᠬᠤ ᠸᠠ ᠠᠵᠤ ᠠᠬᠤᠶᠢᠯᠠᠯ ᠳᠤ ᠥᠷᠢᠲᠦᠵᠦ ᠤᠠᠶᠢᠭᠠ ᠳᠠᠩᠰᠠᠨ ᠤ ᠵᠣᠭᠤᠰ ᠢ ᠥᠭᠬᠦ ᠶᠢ ᠬᠤᠯᠪᠤᠭᠠᠯᠠᠨ ᠠᠬᠢᠭᠤᠯᠵᠤ᠂ ︽ᠤᠠᠷᠢᠯᠭᠠ ᠶᠢᠨ | ᠲᠥᠷᠥᠯ ᠵᠦᠢᠯ ᠢ ᠠᠩᠬᠠᠷᠬᠤ ᠳᠤ ᠡᠷᠬᠡᠪᠰᠢ ᠠᠵᠢᠯᠴᠢᠨ ᠤ ᠴᠠᠯᠢᠩ ᠢ ᠥᠭᠬᠦ ᠶᠢ ᠠᠩᠬᠠᠷᠬᠤ︾ ᠲᠣᠭᠲᠠᠴᠠ ᠶᠢ ᠤᠠᠶᠢᠭᠤᠯᠵᠤ᠂ ᠵᠣᠷᠢᠭᠤᠳᠠ ᠪᠠᠷ ᠴᠠᠯᠢᠩ ᠥᠷᠢᠲᠦᠬᠦ ᠳᠤ | ᠬᠠᠤᠯᠢ ᠶᠣᠰᠣᠭᠠᠷ ᠴᠣᠬᠢᠯᠲᠠ ᠥᠭᠴᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠭᠦᠳᠡᠯᠮᠦᠷᠢ ᠨᠡᠶᠢᠭᠡᠮ ᠤᠨ ᠤᠠᠲᠤᠯᠠᠭᠠ᠂ ᠬᠤᠲᠠ ᠬᠥᠳᠡᠭᠡ ᠶᠢᠨ ᠪᠦᠲᠦᠭᠡᠨ ᠤᠠᠶᠢᠭᠤᠯᠤᠯᠲᠠ᠂ ᠬᠥᠳᠡᠭᠡ ᠲᠣᠰᠬᠤᠨ ᠬᠥᠳᠡᠭᠡ ᠠᠵᠤ ᠠᠬᠤᠢ | ᠵᠡᠷᠭᠡ ᠠᠵᠢᠯ ᠲᠥᠷᠥᠯ ᠤᠨ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠤᠠᠶᠢᠳᠠᠯ ᠢ ᠰᠣᠨᠣᠰᠴᠤ᠂ ᠳᠡᠳ᠋ ᠲᠡᠷᠢᠭᠦᠯᠡᠭᠴᠢ ᠨᠠᠷ ᠵᠠᠬᠢᠳᠠᠯ | ᠰᠤᠷᠪᠤᠯᠵᠢᠯᠠᠯ ᠤᠨ ᠠᠵᠢᠯ ᠢ ︽ᠨᠢᠭᠡ ᠠᠵᠢᠯ ᠤᠨ ᠤᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠳᠡᠭᠡᠨ ᠣᠷᠣᠭᠤᠯᠵᠤ᠂ ᠬᠦᠷᠢᠶ᠎ᠡ ᠬᠤᠪᠢᠶᠠᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠤᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠬᠤ ᠬᠡᠷᠡᠭᠲᠡᠢ᠃ ᠲᠤᠬᠠᠢ ᠶᠢᠨ ᠬᠥᠮᠥᠨ ᠳᠤ ᠵᠠᠬᠢᠳᠠᠯ ᠰᠤᠷᠪᠤᠯᠵᠢᠯᠠᠯ ᠤᠨ ᠦᠷ᠎ᠡ ᠳ᠋ᠦᠩ ᠢ ᠬᠠᠷᠢᠭᠤ ᠲᠤᠰᠬᠠᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠳᠤ ᠦᠨᠡᠨ ᠪᠣᠳᠠᠲᠠᠢ ᠪᠠᠷ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠳᠬᠡᠭᠰᠡᠨ ᠵᠢᠴᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠠᠵᠢᠯ ᠤᠨ ᠤᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠯᠠᠭ᠎ᠠ ᠮᠥᠴᠢᠷ ᠤᠨ ᠳᠣᠲᠣᠭᠠᠳᠤ ᠠᠴᠠ ᠡᠬᠢᠯᠡᠨ ᠠᠳᠬᠤᠵᠤ ︽ᠮᠡᠳᠡᠭᠡ ᠵᠠᠩᠭᠢ ᠶᠢᠨ ᠥᠨᠥᠴᠢᠨ | ᠠᠷᠠᠯ︾ ᠢ ᠡᠷᠡᠰ ᠡᠪᠳᠡᠵᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠳᠠᠭᠤᠯᠤᠨ ᠨᠡᠶᠢᠲᠡᠯᠡᠬᠦ ᠬᠡᠷᠡᠭᠲᠡᠢ᠃ ᠰᠠᠷ᠎ᠠ ᠪᠠᠷ | ᠬᠠᠷᠠᠯᠲᠠ ᠲᠣᠭᠲᠠᠭᠠᠨ ᠠᠬᠢᠴᠠ ᠶᠢ ᠠᠳᠬᠤᠵᠤ᠂ ᠰᠠᠯᠠᠭ᠎ᠠ ᠮᠥᠴᠢᠷ ᠨᠢᠭᠡᠪᠦᠷᠢ ᠪᠠᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠪᠠᠨ ᠴᠢᠨᠠᠷ ᠰᠠᠶᠢᠲᠠᠢ ᠤᠡᠶᠡᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠢ ᠰᠤᠳᠤᠯᠵᠤ᠂ | ᠲᠠᠪᠤᠨ ᠶᠡᠭᠡ ᠡᠭᠦᠷᠭᠡ ᠶᠢ ᠰᠠᠶᠢᠲᠤᠷ ᠤᠡᠶᠡᠯᠡᠭᠦᠯᠬᠦ ᠥᠨᠳᠥᠷᠴᠡ ᠠᠴᠠ ᠤᠰᠤᠨ ᠤ ᠡᠬᠢ ᠤᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ ᠵᠡᠷᠭᠡ ᠡᠯ᠎ᠡ ᠬᠦᠷᠢᠶᠡᠨ ᠳᠠᠬᠢ ᠤᠰᠤ ᠠᠷᠪᠢᠯᠠᠬᠤ ᠶᠢ ᠰᠠᠶᠢᠲᠤᠷ ᠠᠳᠬᠤᠵᠤ᠂ | ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠲᠦᠪᠰᠢᠨ ᠢ ᠳᠡᠭᠡᠭᠰᠢᠯᠡᠭᠦᠯᠵᠦ᠂ ᠬᠢᠵᠠᠭᠠᠷ ᠲᠠᠢ ᠤᠰᠤᠨ ᠤ ᠡᠬᠢ ᠤᠠᠶᠠᠯᠢᠭ ᠤᠨ ᠦᠷ᠎ᠡ ᠠᠰᠢᠭ ᠢ ᠬᠠᠮᠤᠭ ᠤᠨ | ᠶᠡᠭᠡ ᠪᠠᠷ ᠤᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠨᠢᠭᠡ ᠭᠠᠵᠠᠷ ᠲᠤ ᠣᠯᠠᠨ ᠦᠨᠡᠮᠯᠡᠯ ᠲᠠᠢ ᠤᠠᠶᠢᠬᠤ︾ ᠠᠰᠠᠭᠤᠳᠠᠯ ᠤᠨ ᠤᠠᠶᠢᠳᠠᠯ ᠢ ᠣᠶᠢᠯᠠᠭᠠᠵᠤ ᠵᠢᠭᠰᠠᠭᠠᠨ ᠤᠠᠶᠢᠴᠠᠭᠠᠬᠤ ᠠᠵᠢᠯ ᠢ | ᠰᠤᠳᠤᠯᠵᠤ᠂ ᠦᠨᠡᠨ ᠠᠴᠠ ᠵᠥᠪ ᠢ ᠡᠷᠢᠵᠦ᠂ ᠨᠠᠷᠢᠯᠢᠭ ᠣᠨᠣᠴᠠᠲᠠᠢ ᠪᠠᠷ ᠤᠠᠶᠢᠴᠠᠭᠠᠨ ᠣᠶᠢᠯᠠᠭᠠᠵᠤ᠂ ᠦᠷ᠎ᠡ ᠳ᠋ᠦᠩ ᠢ ︽ᠨᠢᠭᠡ ᠵᠢᠷᠤᠭ︾ ᠢᠶᠠᠷ ᠢᠯᠡᠷᠡᠭᠦᠯᠵᠦ᠂ ᠭᠠᠵᠠᠷ | ᠰᠢᠷᠣᠢ ᠨᠢᠭᠡᠪᠦᠷᠢ ᠳᠤ ᠴᠥᠮ ᠡᠷᠬᠡ ᠶᠢᠨ ᠬᠠᠷᠢᠶ᠎ᠠ ᠲᠣᠳᠣᠷᠬᠠᠢ ᠤᠠᠶᠢᠵᠤ᠂ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠤᠠᠶᠢᠴᠠᠭᠠᠨ ᠣᠶᠢᠯᠠᠭᠠᠵᠤ ᠬᠤᠶᠢᠰᠢᠳᠠ ᠶᠢᠨ | ᠠᠵᠢᠯ ᠤᠨ ᠰᠠᠭᠤᠷᠢ ᠶᠢ ᠰᠠᠶᠢᠨ ᠲᠠᠯᠪᠢᠬᠤ ᠬᠡᠷᠡᠭᠲᠡᠢ᠃ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠠᠢ ᠤᠶᠠᠯᠳᠤᠭᠤᠯᠤᠨ | ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ | ᠶᠠᠮᠤᠨ ᠵᠥᠪᠯᠡᠯ ᠳᠤ ᠠᠵᠢᠯ ᠤᠨ ᠠᠬᠢᠴᠠ ᠪᠠᠨ ᠴᠠᠭ ᠲᠤᠬᠠᠢ ᠳᠤᠨᠢ ᠮᠡᠳᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠳᠡᠮᠵᠢᠯᠭᠡ | ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ |