6 ᠳ᠋ᠤᠭᠠᠷ ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠲᠣᠰ ᠨᠢᠭᠡᠴᠢ ᠶᠢᠨ ᠬᠢᠨ ︽ᠤᠯᠤᠰ ᠲᠥᠷᠥ ᠶᠢ ᠡᠷᠬᠢᠮᠯᠡᠨ ᠦᠨᠡᠨᠴᠢ ᠰᠢᠳᠤᠷᠭᠤ ᠪᠠᠨ ᠠᠳᠠᠯᠢᠳᠬᠠᠬᠤ᠂ | ᠰᠤᠷᠤᠯᠴᠠᠯᠭ᠎ᠠ ᠶᠢ ᠡᠷᠬᠢᠮᠯᠡᠨ ᠡᠷᠳᠡᠮ ᠴᠢᠳᠠᠪᠤᠷᠢ ᠪᠠᠨ ᠠᠳᠠᠯᠢᠳᠬᠠᠬᠤ᠂ ᠶᠣᠰᠣ ᠳᠦᠷᠢᠮ ᠢ ᠡᠷᠬᠢᠮᠯᠡᠨ ᠥᠪᠡᠷ ᠢ ᠪᠠᠨ ᠱᠠᠭᠠᠷᠳᠠᠬᠤ ᠪᠠᠨ ᠠᠳᠠᠯᠢᠳᠬᠠᠬᠤ᠂ | ᠪᠦᠯᠬᠦᠮᠳᠡᠯ ᠢ ᠡᠷᠬᠢᠮᠯᠡᠨ ᠬᠠᠮᠵᠢᠯᠴᠠᠭ᠎ᠠ ᠪᠠᠨ ᠠᠳᠠᠯᠢᠳᠬᠠᠬᠤ᠂ ᠨᠡᠮᠡᠷᠢ ᠦᠵᠡᠭᠦᠯᠬᠦ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠪᠠᠨ ᠠᠳᠠᠯᠢᠳᠬᠠᠬᠤ︾ ᠤᠯᠤᠰ | ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ︽ᠭᠤᠷᠪᠠ ᠶᠢ ᠡᠷᠭᠢᠯᠡᠬᠦ︾ ︽ᠭᠤᠷᠪᠠ ᠳᠤ | ᠦᠢᠯᠡᠴᠢᠯᠡᠬᠦ︾ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠪᠡ᠃ | ︽ᠪᠢᠳᠡ ᠰᠢᠨ᠎ᠡ ᠶᠢ ᠡᠭᠦᠳᠬᠦ ᠰᠡᠳᠬᠢᠬᠦᠢ ᠪᠠᠨ ᠲᠠᠰᠤᠷᠠᠯᠲᠠ ᠦᠭᠡᠢ ᠬᠥᠭᠵᠢᠭᠡᠵᠦ᠂ ᠬᠡᠪᠰᠢᠯ ᠵᠤᠷᠰᠢᠯ ᠳᠤ ᠲᠦᠰᠢᠭᠯᠡᠬᠦ ᠠᠴᠠ ᠠᠩᠭᠢᠵᠢᠷᠠᠨ᠂ | ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠪᠠᠨ ᠴᠢᠩᠭᠠᠳᠬᠠᠵᠤ᠂ ᠨᠠᠷᠢᠯᠢᠭ᠂ ᠨᠢᠮᠪᠠᠢ᠂ ᠲᠤᠶᠢᠯᠪᠤᠷᠢᠲᠠᠢ ᠠᠵᠢᠯ ᠤᠨ ᠰᠤᠷᠲᠠᠯ ᠢ ᠪᠦᠷᠢᠯᠳᠦᠭᠦᠯᠵᠦ᠂ ᠠᠵᠢᠯ ᠢᠶᠠᠨ | ᠦᠷᠭᠦᠯᠵᠢᠯᠡᠨ ᠰᠢᠯᠢᠳᠡᠭᠵᠢᠭᠦᠯᠦᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃︾ | ︽ᠪᠢᠳᠡ ︿ᠦᠵᠡᠯ ᠰᠠᠨᠠᠭᠠᠨ ᠤ ᠲᠣᠭᠤᠰᠣ﹀ ᠪᠠᠨ ᠰᠠᠶᠢᠲᠤᠷ ᠭᠦᠪᠢᠵᠦ᠂ ︿ᠬᠤᠪᠳᠤᠭ ᠰᠢᠨᠤᠬᠠᠢ ᠶᠢᠨ ᠬᠤᠣᠷᠯᠠᠯ﹀ ᠢ ᠢᠯᠡᠭᠦᠬᠡᠨ ᠲᠤᠩᠭᠠᠵᠤ᠂ ︿ᠪᠣᠳᠣᠯ | ᠰᠡᠳᠬᠢᠯ ᠳᠠᠬᠢ ᠬᠤᠯᠠᠭᠠᠢ﹀ ᠶᠢ ᠦᠷᠭᠦᠯᠵᠢ ᠬᠥᠭᠡᠭᠡᠵᠦ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠪᠠᠲᠤᠯᠠᠵᠤ᠂ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠴᠠᠭ ᠢᠮᠠᠭᠲᠠ ᠴᠢᠩᠭᠠᠷᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ | ᠤᠬᠠᠮᠰᠠᠷ ᠠᠴᠠ ᠪᠠᠨ ᠪᠠᠲᠤ ᠰᠠᠬᠢᠨ᠎ᠠ᠃︾ | 5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠶᠣᠰᠣ ᠰᠤᠷᠲᠠᠬᠤᠨ᠂ ᠰᠠᠬᠢᠯᠭ᠎ᠠ ᠪᠠᠲᠤ᠂ ᠬᠠᠤᠯᠢ ᠴᠠᠭᠠᠵᠠ᠂ ᠡᠭᠦᠷᠭᠡ | ᠬᠠᠷᠢᠭᠤᠴᠠᠯᠭ᠎ᠠ ᠶᠢᠨ ᠲᠣᠭᠤᠷᠢᠨ ᠳᠤ ᠣᠯᠣᠯᠲᠠ ᠲᠥᠷᠥᠭᠳᠡᠯ ᠢᠶᠠᠨ ᠰᠣᠯᠢᠯᠴᠠᠪᠠ᠃ ᠡᠨᠡ ᠪᠣᠯ ᠲᠣᠰ ᠨᠢᠭᠡᠴᠢ ᠶᠢᠨ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ | ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠬᠦᠴᠦᠲᠡᠢ ᠰᠦᠪᠡᠭᠴᠢᠯᠡᠯᠲᠡ ᠪᠣᠯᠣᠨ᠎ᠠ᠃ | ︽ᠤᠯᠤᠰ ᠲᠦᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠴᠢᠬᠤᠯᠠ | ᠤᠯᠤᠰ ᠲᠦᠷᠦ ᠶᠢᠨ ᠵᠠᠷᠴᠢᠮ ᠪᠣᠯᠭᠠᠬᠤ ᠶᠢ ᠪᠠᠷᠢᠮᠲᠠᠯᠠᠵᠤ᠂ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ | ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠤᠯᠤᠰ ᠲᠥᠷᠥ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︿ᠲᠦᠷᠪᠡᠨ ᠤᠬᠠᠮᠰᠠᠷ﹀ ᠢᠶᠠᠨ ᠴᠢᠩᠭᠠᠳᠬᠠᠬᠤ᠂ ︿ᠲᠦᠷᠪᠡᠨ ᠢᠲᠡᠭᠡᠯ﹀ | ᠢᠶᠠᠨ ᠪᠠᠲᠤᠳᠬᠠᠬᠤ᠂ ︿ᠬᠤᠶᠠᠷ ᠢ ᠬᠠᠮᠠᠭᠠᠯᠠᠬᠤ﹀ ᠶᠢ ᠪᠡᠶᠡᠯᠡᠭᠦᠯᠬᠦ ᠳᠤ ᠲᠦᠷᠦᠭᠦᠯᠡᠨ ᠣᠷᠣᠯᠴᠠᠵᠤ᠂ ᠳᠠᠭᠤᠷᠢᠶᠠᠯ ᠪᠣᠯᠬᠤ ᠬᠡᠷᠡᠭᠲᠡᠢ᠃︾ ᠭᠡᠵᠦ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠠᠮ ᠤᠨ ᠰᠢᠨ᠎ᠡ ᠶᠢ ᠡᠭᠦᠳᠬᠦ ᠣᠨᠣᠯ ᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠬᠤ᠂ ︽ᠤᠯᠤᠰ ᠲᠥᠷᠥ ᠶᠢᠨ ᠴᠢᠬᠤᠯᠠ ᠵᠦᠢᠯᠡᠰ︾ ᠢ ᠴᠢᠨᠠᠷ ᠰᠠᠶᠢᠲᠠᠢ ᠰᠠᠶᠢᠲᠤᠷ ᠭᠦᠢᠴᠡᠳᠬᠡᠬᠦ ᠵᠡᠷᠭᠡ ᠬᠦᠴᠦᠲᠡᠢ ᠠᠷᠭ᠎ᠠ | ᠬᠡᠮᠵᠢᠶ᠎ᠡ ᠪᠠᠷ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠠᠳᠬᠤᠨ ᠡᠵᠡᠮᠳᠡᠬᠦ | ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠤᠯᠠᠮ | ᠨᠢᠭᠡ ᠠᠯᠬᠤᠮ ᠴᠢᠩᠭᠠᠳᠬᠠᠪᠠ᠃ | ᠲᠤᠰ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠰᠣᠩᠭᠤᠯᠲᠠ ᠶᠢᠨ ᠬᠢᠴᠢᠶᠡᠯ᠂ | ᠵᠠᠪᠠᠯ ᠰᠤᠷᠬᠤ ᠬᠢᠴᠢᠶᠡᠯ ᠪᠣᠯᠭᠠᠪᠠ᠃ ᠡᠯ᠎ᠡ ᠨᠠᠮ ᠤᠨ ᠡᠭᠦᠷ ︽ᠭᠤᠣᠯ ᠰᠡᠳᠦᠪᠲᠦ ᠨᠠᠮ ᠤᠨ ᠡᠳᠦᠷ + ᠡᠳᠦᠷ ᠲᠤᠳᠤᠮ ᠤᠨ ᠰᠤᠷᠤᠯᠴᠠᠯᠭ᠎ᠠ︾᠂ ︽ᠰᠦᠯᠵᠢᠶᠡᠨ | ᠳᠡᠭᠡᠷᠡᠬᠢ ᠰᠤᠷᠤᠯᠴᠠᠯᠭ᠎ᠠ + ᠰᠦᠯᠵᠢᠶᠡᠨ ᠭᠠᠳᠠᠭᠤᠷᠬᠢ ᠰᠣᠯᠢᠯᠴᠠᠭ᠎ᠠ︾ ᠶᠢ ᠤᠶᠠᠯᠳᠤᠭᠤᠯᠬᠤ ᠬᠡᠪ ᠵᠠᠭᠪᠤᠷ ᠢᠶᠠᠷ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ | ᠬᠥᠲᠥᠯᠥᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ᠂ ᠤᠯᠤᠰ ᠲᠦᠷᠦ ᠶᠢᠨ ᠲᠠᠯ᠎ᠠ ᠠᠴᠠ ᠶᠣᠰᠣ ᠤᠴᠢᠷ ᠢ ᠣᠶᠢᠯᠠᠭᠠᠬᠤ | ᠂ ᠤᠯᠤᠰ ᠲᠦᠷᠦ ᠶᠢᠨ ᠲᠠᠯ᠎ᠠ ᠠᠴᠠ ᠠᠵᠢᠯᠯᠠᠬᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ ᠤᠨᠢᠨ ᠳᠡᠭᠡᠷ᠎ᠡ ᠨᠢ ᠬᠦᠴᠦᠯᠡᠵᠦ᠂ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ + ᠬᠥᠳᠡᠯᠦᠩᠭᠦᠢ ᠪᠠᠷ ᠰᠢᠯᠭᠠᠨ | ᠦᠨᠡᠯᠡᠬᠦ︾ ᠲᠣᠭᠲᠠᠯᠴᠠᠭ᠎ᠠ ᠶᠢ ᠪᠠᠶᠢᠭᠤᠯᠵᠤ᠂ ᠤᠯᠤᠰ ᠲᠦᠷᠦ ᠶᠢᠨ ᠴᠢᠳᠠᠪᠬᠢ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠴᠢᠩᠭ᠎ᠠ᠂ | ᠦᠢᠯᠡᠳᠦᠯ ᠢᠶᠠᠨ ᠰᠠᠶᠢᠲᠤᠷ ᠪᠠᠳᠠᠷᠠᠭᠤᠯᠤᠭᠰᠠᠨ ᠪᠠᠲᠤ ᠴᠢᠩᠭ᠎ᠠ ᠪᠠᠬᠢᠯᠡᠯᠲᠡ ᠪᠣᠯᠬᠤ ᠵᠢᠱᠢᠶᠡᠴᠢ ᠨᠠᠮ ᠤᠨ ᠡᠭᠦᠷ ᠢ ᠪᠣᠢ ᠪᠣᠯᠭᠠᠵᠤ ᠬᠥᠮᠥᠵᠢᠭᠦᠯᠪᠡ᠃ ᠮᠡᠳᠡᠭᠡ ᠵᠠᠩᠭᠢ | ᠪᠠ ᠪᠠᠶᠢᠴᠠᠭᠠᠨ ᠰᠤᠳᠤᠯᠬᠤ ᠭᠠᠵᠠᠷ ᠤᠨ ᠨᠠᠮ ᠤᠨ ᠡᠭᠦᠷ ᠨᠢ ᠭᠤᠣᠯ ᠬᠠᠷᠢᠭᠤᠴᠠᠯᠭ᠎ᠠ ᠭᠤᠣᠯ ᠠᠵᠢᠯ ᠤᠨ ᠢᠶᠠᠨ ᠲᠣᠭᠤᠷᠢᠨ ᠳᠤ ᠢᠯᠡ ᠪᠠᠷ ᠶᠠᠷᠢᠯᠴᠠᠬᠤ᠂ ᠲᠤᠰᠬᠠᠢ | ᠰᠡᠳᠦᠪ ᠢᠶᠠᠷ ᠶᠠᠷᠢᠯᠴᠠᠬᠤ ᠶᠢ ᠥᠷᠨᠢᠭᠦᠯᠵᠦ᠂ ᠬᠠᠭᠠᠰ ᠰᠠᠷ᠎ᠠ ᠳᠤ ᠨᠢᠭᠡ ᠤᠳᠠᠭ᠎ᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠤᠰᠬᠠᠢ ᠰᠡᠳᠦᠪᠲᠦ ᠰᠤᠷᠤᠯᠴᠠᠯᠭ᠎ᠠ | ᠥᠷᠨᠢᠭᠦᠯᠪᠡ᠃ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠨᠢ ᠠᠵᠤ ᠠᠬᠤᠶᠢᠯᠠᠯ᠂ ᠠᠶᠢᠮᠠᠭ ᠬᠤᠲᠠ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ | ᠦᠵᠡᠵᠦ ᠣᠶᠢᠯᠠᠭᠠᠨ᠂ ᠪᠣᠳᠠᠲᠠᠢ ᠪᠣᠳᠣᠯᠭ᠎ᠠ ᠬᠠᠶᠢᠨ ᠰᠦᠪᠡᠭᠴᠢᠯᠡᠵᠦ᠂ 6 ᠲᠥᠷᠥᠯ ᠤᠨ 51 ᠮᠠᠲ᠋ᠧᠷᠢᠶᠠᠯ ᠤᠨ ᠬᠥᠮᠥᠷᠭᠡ ᠶᠢ ᠤᠷᠢᠳ ᠬᠤᠵᠢᠳ ᠪᠠᠶᠢᠭᠤᠯᠵᠤ᠂ | ᠠᠶᠢᠮᠠᠭ ᠬᠤᠲᠠ ᠬᠤᠰᠢᠭᠤ ᠰᠢᠶᠠᠨ᠂ ᠬᠦᠷᠢᠶᠡᠯᠡᠩ ᠲᠣᠭᠤᠷᠢᠭ᠂ ᠡᠵᠡᠩᠨᠡᠯᠲᠡ ᠶᠢᠨ ᠭᠤᠣᠯ ᠴᠣᠭᠴᠠ᠂ ᠦᠢᠯᠡᠴᠢᠯᠡᠭᠡᠨ ᠤ ᠦᠢᠯᠡᠰ ᠵᠡᠷᠭᠡ ᠡᠯ᠎ᠡ ᠲᠠᠯ᠎ᠠ ᠶᠢ | ᠬᠠᠮᠤᠷᠤᠨ᠂ ︽ᠭᠤᠷᠪᠠ ᠳᠤ ᠦᠢᠯᠡᠴᠢᠯᠡᠬᠦ︾ ᠠᠵᠢᠯ ᠢ ᠴᠢᠨᠠᠷ ᠰᠠᠶᠢᠲᠠᠢ ᠥᠷᠨᠢᠭᠦᠯᠬᠦ ᠳᠤ ᠦᠨᠡᠨ ᠬᠦ ᠰᠠᠶᠢᠨ ᠰᠠᠭᠤᠷᠢ ᠲᠠᠯᠪᠢᠵᠤ ᠥᠭᠪᠡ᠃ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ ᠤᠨ ᠨᠠᠮ ᠤᠨ ᠡᠭᠦᠷ ᠨᠢ ︽ᠠᠷᠠᠳ ᠤᠨ ᠲᠥᠯᠥᠭᠡ ᠰᠢᠮᠳᠠᠭᠤᠯᠤᠨ ᠪᠠᠶᠢᠴᠠᠭᠠᠬᠤ︾ ᠨᠠᠮ ᠤᠨ ᠪᠠᠶᠢᠭᠤᠯᠤᠯᠲᠠ ᠶᠢᠨ ᠨᠡᠷᠡᠲᠦ | ᠲᠡᠮᠳᠡᠭ ᠢ ᠡᠭᠦᠳᠴᠦ᠂ ᠠᠵᠢᠯ ᠣᠯᠭᠤᠯᠲᠠ ᠶᠢ ᠥᠷᠭᠡᠳᠬᠡᠬᠦ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠨᠢ ᠠᠷᠢᠯᠭᠠᠨ | ᠵᠢᠷᠤᠮᠵᠢᠭᠤᠯᠬᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠬᠥᠭᠵᠢᠭᠦᠯᠬᠦ ᠵᠡᠷᠭᠡ 20 ᠭᠠᠷᠤᠢ ᠬᠦᠷᠢᠶᠡᠨ ᠳᠠᠬᠢ ᠠᠰᠠᠭᠤᠳᠠᠯ ᠢ ᠨᠢ ᠰᠢᠢᠳᠪᠦᠷᠢᠯᠡᠬᠦ ᠶᠢ | ᠠᠬᠢᠭᠤᠯᠪᠠ᠃ | ᠯᠠᠪᠳᠠᠭᠤᠨ ᠪᠦᠲᠦᠮᠵᠢᠲᠡᠢ ᠠᠯᠢ ᠣᠯᠠᠨ ︽ᠬᠠᠮ ᠠᠷᠭ᠎ᠠ ᠬᠡᠮᠵᠢᠶ᠎ᠡ︾ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠵᠣᠷᠢᠭᠲᠠᠢ ᠡᠭᠦᠷᠭᠡᠯᠡᠬᠦ᠂ ᠴᠢᠳᠠᠮᠠᠭᠠᠢ ᠠᠵᠢᠯᠯᠠᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ | ᠤᠬᠠᠮᠰᠠᠷ ᠲᠦᠷᠭᠡᠨ ᠪᠦᠷᠢᠯᠳᠦᠵᠦ᠂ ᠠᠵᠢᠯ ᠢᠶᠠᠨ ᠲᠥᠯᠥᠪᠯᠡᠬᠦ᠂ ᠬᠥᠭᠵᠢᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠢᠳᠡᠪᠬᠢᠵᠢᠯ ᠨᠢ | ᠢᠯᠡᠳᠲᠡ ᠴᠢᠩᠭᠠᠷᠠᠵᠤ᠂ ᠠᠵᠢᠯᠯᠠᠬᠤ ᠤᠬᠠᠮᠰᠠᠷ᠂ ᠠᠵᠢᠯᠯᠠᠬᠤ ᠵᠣᠷᠢᠭ᠂ ᠠᠵᠢᠯᠯᠠᠵᠤ ᠴᠢᠳᠠᠬᠤ ᠴᠢᠳᠠᠪᠤᠷᠢ ᠨᠢ ᠤᠯᠠᠮ ᠨᠢᠭᠡ ᠠᠯᠬᠤᠮ ᠴᠢᠩᠭᠠᠷᠠᠪᠠ᠃ | | |