ᠦᠪᠦᠷ ᠮᠤᠩᠭᠤᠯ ᠤᠯᠤᠰ ᠤᠨ ᠬᠦᠯ ᠪᠦᠮᠪᠦᠭᠡ ᠶᠢᠨ ᠪᠠᠶᠢᠯᠳᠤᠬᠤ ᠪᠤᠳᠤᠯᠭ᠎ᠠ ᠳᠤ ᠬᠡᠷᠬᠢᠨ ᠠᠭᠤᠰᠤᠯᠴᠠᠵᠤ ᠪᠠᠶᠢᠭ᠎ᠠ ᠪᠤᠢ︖
ᠨᠡᠶᠢᠲᠡᠯᠡᠭᠰᠡᠨ ᠴᠠᠭ᠄
2025/6/5
      ᠨᠠᠶᠢᠷᠠᠭᠤᠯᠤᠭᠴᠢ ᠶᠢᠨ ᠦᠭᠡ       ᠪᠦᠬᠦ ᠤᠯᠤᠰ ᠤᠨ 33 ᠮᠤᠵᠢ ᠬᠤᠳᠠ ᠶᠢᠨ 100 ᠲᠦᠮᠡ ᠭᠠᠷᠤᠢ ᠲᠠᠮᠢᠷᠴᠢᠳ ᠤᠷᠤᠯᠴᠠᠭᠰᠠᠨ ᠬᠦᠬᠡᠬᠤᠳᠠ ᠶᠢᠨ ᠬᠠᠭᠠᠰ ᠵᠠᠢ ᠶᠢᠨ ᠮᠠᠷᠠᠽᠤᠨ ᠤᠷᠤᠯᠳᠤᠭᠠ᠂ 2025 ᠤᠨ ᠤ CFA ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ︵ᠬᠦᠬᠡᠬᠤᠳᠠ︶᠂ 2025 ᠣᠨ ᠤ ᠪᠥᠬᠦ ᠤᠯᠤᠰ ᠤᠨ ᠡᠷᠡᠭᠲᠡᠶ ᠶᠢᠨ ᠪᠤᠶᠢᠺᠤ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠠ 2025 ᠣᠨ ᠤ ᠬᠥᠯᠥᠨ ᠪᠤᠶᠢᠷ ︵ᠮᠣᠷᠢᠨᠳᠠᠪᠠᠭ᠎ᠠ︶ ᠤᠨ ᠠᠩᠬᠠᠳᠤᠭᠠᠷ ᠬᠤᠭᠤᠴᠠᠭᠠᠨ ᠤ ᠡᠷᠡᠭᠲᠡᠶ ᠶᠢᠨ ᠪᠤᠶᠢᠺᠤ ᠪᠥᠮᠪᠦᠭᠡ ᠶᠢᠨ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠁ ᠲᠡᠯᠭᠡᠷ ᠵᠤᠨ ᠤ ᠤᠯᠠᠷᠢᠯ ᠪᠤᠯᠬᠤ ᠶᠢ ᠲᠠᠭᠠᠯᠳᠤᠨ ᠡᠯ᠎ᠡ ᠵᠦᠢᠯ ᠤᠨ ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠮᠠᠨ ᠤ ᠤᠷᠤᠨ ᠳᠤ ᠵᠠᠯᠭᠠᠭ᠎ᠠ ᠪᠠᠷ ᠶᠠᠪᠤᠭᠳᠠᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠳᠤᠷ ᠡᠷᠬᠢᠯᠡᠬᠦ ᠨᠢ ᠤᠷᠤᠨ ᠨᠤᠳᠤᠭ ᠤᠨ ᠠᠵᠤ ᠠᠬᠤᠢ ᠨᠡᠶᠢᠭᠡᠮ ᠰᠤᠶᠤᠯ ᠪᠤᠯᠪᠠᠰᠤᠨ ᠤ ᠶᠡᠷᠦᠩᠭᠡᠶᠢᠯᠡᠭᠰᠡᠨ ᠬᠢᠷᠢ ᠲᠦᠪᠰᠢᠨ ᠢ ᠬᠠᠷᠠᠭᠤᠯᠤᠨ᠎ᠠ᠃ ᠪᠢᠳᠡ ︽ᠤᠷᠤᠯᠳᠤᠭᠠᠨ ᠢ ᠳᠠᠭᠠᠵᠤ ᠥᠪᠥᠷ ᠮᠣᠩᠭᠤᠯ ᠢ ᠤᠶᠢᠯᠠᠭᠠᠬᠤᠢ︾ ᠪᠤᠯᠤᠩ ᠢ ᠨᠡᠭᠡᠭᠡᠵᠦ᠂ ᠤᠷᠤᠯᠳᠤᠭᠠᠨ ᠤ ᠲᠤᠬᠠᠢ ᠰᠢᠷᠢᠰ ᠮᠡᠳᠡᠭᠡᠯᠡᠯ ᠢᠶᠠᠷ ᠳᠠᠮᠵᠢᠭᠤᠯᠤᠨ᠂ ᠮᠠᠨ ᠤ ᠤᠷᠤᠨ ᠤ ᠪᠠᠶᠢᠭᠠᠯᠢ ᠶᠢᠨ ᠥᠩᠭᠡ ᠦᠵᠡᠮᠵᠢ᠂ ᠬᠥᠮᠦᠨ ᠨᠡᠶᠢᠭᠡᠮ ᠵᠠᠩ ᠦᠢᠯᠡ᠂ ᠦᠨᠳᠦᠰᠦᠲᠡᠨ ᠤ ᠣᠨᠴᠠᠯᠢᠭ ᠵᠢᠴᠢ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ ᠪᠤᠯᠤᠨ᠎ᠠ᠃ ᠤᠷᠤᠯᠳᠤᠭᠠᠨ ᠢ ᠲᠠᠭᠠᠵᠤ ᠦᠪᠦᠷ ᠮᠤᠩᠭᠤᠯ ᠢ ᠤᠶᠢᠯᠠᠭᠠᠭᠠᠷᠠᠢ︕       5 ᠰᠠᠷ᠎ᠠ ᠶᠢᠨ 28 ᠤ ᠤᠷᠤᠢ᠂ 2025CFA ︽ᠰᠢᠩ ᠲᠠᠢ ᠬᠤᠨᠳᠠᠭᠠᠲᠤ︾ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠬᠥᠬᠡᠬᠤᠲᠠ ᠶᠢᠨ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠳᠤ ᠦᠪᠡᠳᠡᠭᠰᠢ ᠶᠡᠭᠡ ᠪᠠᠷ ᠡᠬᠢᠯᠡᠵᠦ ᠤᠯᠠᠨ ᠤ ᠠᠩᠬᠠᠷᠤᠯ ᠳᠤ ᠬᠦᠷᠦᠭᠰᠡᠨ ᠪᠠᠶᠢᠯ᠎ᠠ᠃ 2025CFA ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠣᠯ ᠣᠶᠢᠷ᠎ᠠ ᠶᠢᠨ ᠵᠢᠯ ᠳᠤ ᠮᠠᠨ ᠤ ᠤᠷᠤᠨ ᠤ ᠳᠠᠭᠠᠭᠠᠨ ᠡᠷᠭᠢᠯᠡᠭᠰᠡᠨ ᠬᠠᠮᠤᠭ ᠤᠨ ᠳᠡᠭᠡᠳᠦ ᠲᠠᠰ ᠤᠨ 11 ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠪᠣᠯᠤᠨ᠎ᠠ᠃ ᠡᠨᠡ ᠨᠢ ᠮᠠᠨ ᠤ ᠤᠷᠤᠨ ᠤ ᠬᠥᠯ ᠪᠥᠮᠪᠦᠭᠡ ᠶᠢᠨ ᠦᠢᠯᠡᠰ ᠤᠨ ᠰᠢᠨ᠎ᠡ ᠨᠢᠭᠡᠨ ᠬᠦᠭᠵᠢᠯᠳᠡ ᠶᠢ ᠬᠠᠷᠠᠭᠤᠯᠵᠤ ᠪᠠᠶᠢᠭ᠎ᠠ ᠶᠤᠮ᠃       ᠪᠥᠬᠦ ᠤᠯᠤᠰ ᠤᠨ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠴᠡᠭ       2014 ᠣᠨ ᠤ 9 ᠰᠠᠷ᠎ᠠ ᠳᠤ ᠮᠠᠨ ᠤ ᠤᠷᠤᠨ ᠪᠥᠬᠦ ᠤᠯᠤᠰ ᠤᠨ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠴᠡᠭ ᠪᠤᠯᠵᠤ᠂ ᠤᠯᠤᠰ ᠠᠴᠠ ᠦᠪᠦᠷ ᠮᠤᠩᠭᠤᠯ ᠤᠨ ᠬᠦᠯ ᠪᠦᠮᠪᠦᠭᠡ ᠶᠢᠨ ᠦᠢᠯᠡᠰ ᠤᠨ ᠬᠦᠭᠵᠢᠯᠳᠡ ᠳᠤ ᠬᠦᠨ ᠬᠦᠰᠡᠯ ᠨᠠᠶᠢᠳᠠᠯᠭ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠥᠯ ᠪᠥᠮᠪᠦᠭᠡ ᠶᠢᠨ ᠥᠭᠡᠷᠡᠴᠢᠯᠡᠯᠲᠡ ᠪᠡ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠳᠤ ᠪᠠᠲᠤ ᠪᠠᠬᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃ ︽︿ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠲᠥᠰᠦᠯ﹀ ᠢ ᠬᠡᠷᠡᠭᠵᠢᠭᠦᠯᠬᠦ ᠲᠤᠬᠠᠶ ᠰᠠᠨᠠᠯ︾ ᠳᠤ ᠮᠠᠨ ᠤ ᠤᠷᠤᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠴᠢᠭᠯᠡᠯ ᠪᠠ ᠬᠠᠷᠠᠯᠲᠠ ᠶᠢ ᠲᠣᠳᠣᠷᠬᠠᠶᠢᠯᠠᠵᠤ᠂ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠰᠠᠭᠤᠷᠢ ᠲᠠᠯᠪᠢᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ︵2016 -2050 ᠣᠨ︶︾ ᠨᠢ ᠠᠯᠤᠰ ᠬᠡᠲᠦ ᠶᠢᠨ ᠬᠠᠷᠠᠭᠠᠰᠤ ᠠᠴᠠ ᠬᠥᠯ ᠪᠥᠮᠪᠦᠭᠡ ᠶᠢᠨ ᠬᠥᠭᠵᠢᠯᠲᠡ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ ᠠᠴᠠ ᠤᠷᠤᠯᠳᠤᠭᠠᠨ ᠤ ᠶᠠᠪᠤᠳᠠᠯ ᠤᠨ ᠰᠢᠰᠲ᠋ᠧᠮ ᠢ ᠪᠠᠶᠢᠭᠤᠯᠬᠤ ᠵᠡᠷᠭᠡ ᠡᠯ᠎ᠡ ᠲᠠᠯ᠎ᠠ ᠳᠤ ᠬᠦᠷᠲᠡᠯ᠎ᠡ ᠴᠥᠮ ᠨᠠᠷᠢᠨ ᠲᠣᠳᠣᠷᠬᠠᠶ ᠱᠠᠲᠤ ᠦᠶ᠎ᠡ ᠶᠢᠨ ᠴᠢᠨᠠᠷᠲᠠᠶ ᠬᠠᠷᠠᠯᠲᠠ ᠪᠠ ᠬᠡᠷᠡᠭᠵᠢᠭᠦᠯᠬᠦ ᠠᠷᠭ᠎ᠠ ᠵᠠᠮ ᠢ ᠲᠣᠭᠲᠠᠭᠠᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠨᠡᠶᠢᠭᠡᠮ ᠤᠨ ᠬᠥᠷᠥᠩᠭᠡ ᠨᠡᠶᠢᠲᠡ ᠪᠠᠷᠤᠭ 60 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ ᠵᠡᠷᠭᠡ ᠳᠤ ᠬᠦᠴᠦᠲᠡᠶ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠮᠠᠨ ᠤ ᠤᠷᠤᠨ ᠬᠥᠯ ᠪᠥᠮᠪᠦᠭᠡ ᠶᠢᠨ ᠬᠥᠭᠵᠢᠯᠲᠡ ᠶᠢᠨ ᠠᠶᠠᠨ ᠳᠤ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠪᠠ᠃       ᠤᠯᠤᠰ ᠤᠨ ᠤᠮᠠᠷᠠᠳᠤ ᠶᠢᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ       2014 ᠣᠨ ᠳᠤ ᠮᠠᠨ ᠤ ᠤᠷᠤᠨ ᠪᠥᠬᠦ ᠤᠯᠤᠰ ᠤᠨ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠴᠡᠭ ᠪᠤᠯᠤᠭᠰᠠᠨ ᠤ ᠲᠠᠷᠠᠭ᠎ᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠦᠯᠦᠪᠵᠢᠬᠦᠯᠭᠡ ᠲᠤᠤᠷ᠎ᠠ᠂ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠦᠭᠰᠡᠨ ᠪᠦᠭᠡᠳ 2019 ᠣᠨ ᠤ 9 ᠰᠠᠷ᠎ᠠ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠪᠠ᠃ ᠭᠤᠤᠯ ᠴᠣᠭᠴᠠ ᠶᠢᠨ ᠪᠠᠷᠢᠯᠭ᠎ᠠ ᠨᠢ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠠᠶᠢᠷᠢᠯᠠᠵᠤ ᠪᠤᠢ᠃       ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠨᠢ ᠪᠣᠬᠢᠷᠲᠤᠯ ᠦᠭᠡᠢ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ᠂ ᠠᠮᠢ ᠠᠬᠤᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠦᠷᠭᠦᠯᠵᠢᠯᠡᠬᠦ ᠬᠥᠭᠵᠢᠯᠲᠡ ᠪᠠᠷ ᠪᠦᠳᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠪᠣᠯᠭᠠᠵᠤ᠂ ᠠᠮᠢ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠨᠢᠭᠡ ᠴᠤᠭᠴᠠᠵᠢᠭᠤᠯᠪᠠ᠃ ᠲᠤᠰ ᠰᠠᠭᠤᠷᠢᠨ ᠤ ᠶᠡᠷᠦᠩᠬᠡᠶ ᠲᠠᠯᠠᠪᠠᠶ ᠨᠢ 356017.8 ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡᠨᠲᠡ ︽ᠨᠢᠭᠡ ᠲᠠᠯᠠᠪᠠᠶ ᠨᠢᠭᠡ ᠣᠷᠳᠣᠨ︾ ︵ᠬᠥᠯ ᠪᠥᠮᠪᠦᠭᠡ ᠶᠢᠨ ᠲᠠᠯᠠᠪᠠᠶ᠂ ᠬᠥᠯ ᠪᠥᠮᠪᠦᠭᠡ ᠶᠢᠨ ᠣᠷᠳᠣᠨ︶ ᠪᠠ ᠬᠡᠷ ᠤᠨ ᠭᠠᠳᠠᠨᠠᠬᠢ 12 ᠬᠥᠯ ᠪᠥᠮᠪᠦᠭᠡ ᠶᠢᠨ ᠲᠠᠯᠠᠪᠠᠶ ᠶᠢ ᠪᠠᠶᠢᠭᠤᠯᠪᠠ᠃ ᠡᠭᠦᠨ ᠳᠤ ᠬᠥᠯ ᠪᠥᠮᠪᠦᠭᠡ ᠶᠢᠨ ᠲᠠᠯᠠᠪᠠᠢ 89548 ᠲᠡᠭᠰᠢ ᠳᠥᠷᠪᠡᠯᠵᠢᠨ ᠮᠧᠲᠷ ᠪᠠᠶᠢᠵᠤ᠂ ᠦᠵᠡᠭᠴᠢᠳ ᠤᠨ ᠰᠠᠭᠤᠳᠠᠯ ᠢ 21000 ᠲᠣᠬᠢᠷᠠᠭᠤᠯᠵᠤ᠂ ᠳᠣᠲᠣᠷ᠎ᠠ ᠲᠠᠯᠠᠪᠠᠢ ᠨᠢ 400 ᠮᠧᠲᠷ ᠤᠨ ᠪᠠᠷᠢᠮᠵᠢᠶᠠᠲᠤ ᠬᠦᠨᠳᠦ ᠬᠥᠩᠭᠡᠨ ᠲᠠᠮᠢᠷ ᠤᠨ ᠭᠦᠶᠦᠯᠲᠡ ᠶᠢᠨ ᠵᠠᠮ ᠪᠠ ᠬᠥᠯ ᠪᠥᠮᠪᠦᠭᠡ ᠶᠢᠨ ᠲᠠᠯᠠᠪᠠᠢ ᠪᠠᠷ ᠪᠦᠷᠢᠯᠳᠦᠵᠡᠢ᠃ ᠪᠤᠢ ᠪᠦᠬᠦᠢ ᠲᠠᠯᠠᠪᠤᠷ ᠣᠷᠳᠣᠨ ᠳᠤ 300 ᠰᠢᠬᠠᠮ ᠬᠥᠮᠦᠨ ᠵᠡᠷᠭᠡᠳᠡ ᠬᠥᠯ ᠪᠥᠮᠪᠦᠭᠡ ᠶᠢᠨ ᠪᠣᠯᠪᠠᠰᠤᠷᠠᠯ ᠪᠠ ᠤᠷᠤᠯᠳᠤᠭᠠᠨ ᠶᠠᠪᠤᠭᠤᠯᠵᠤ ᠲᠡᠶᠢᠯᠦᠨ᠎ᠡ᠃      ᠲᠠᠯ᠎ᠠ ᠨᠤᠳᠤᠭ ᠤᠨ ᠬᠦᠯ ᠪᠦᠮᠪᠦᠭᠡ ᠶᠢᠨ ᠬᠦᠭᠵᠢᠯᠳᠡ ᠶᠢᠨ ᠰᠢᠨ᠎ᠡ ᠬᠠᠭᠤᠳᠠᠰᠤ       ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠣᠯ ᠮᠠᠨ ᠤ ᠤᠷᠤᠨ ᠤ ᠬᠥᠯ ᠪᠥᠮᠪᠦᠭᠡ ᠶᠢᠨ ᠬᠥᠭᠵᠢᠯᠲᠡ ᠶᠢᠨ ᠦᠨᠳᠦᠰᠦ ᠰᠠᠭᠤᠷᠢ ᠮᠥᠨ᠃ ᠮᠠᠨ ᠤ ᠤᠷᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠬᠥᠯ ᠪᠥᠮᠪᠦᠭᠡ ᠶᠢᠨ ᠦᠢᠯᠡᠰ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠪᠥᠬᠦ ᠲᠠᠯ᠎ᠠ ᠶᠢᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠠ ᠬᠤᠰᠢᠭᠤ ᠰᠢᠶᠠᠨ ︵ᠲᠣᠭᠤᠷᠢᠭ︶ ᠤ 116 ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ 116 ᠰᠤᠷᠭᠠᠭᠤᠯᠢ ᠪᠠ ᠬᠥᠯ ᠪᠥᠮᠪᠦᠭᠡ ᠶᠢᠨ ᠠᠵᠢᠯ ᠤᠨ ᠠᠯᠪᠠᠨ ᠬᠡᠷ ᠠᠴᠠ ᠵᠣᠬᠢᠴᠠᠭᠤᠯᠤᠨ ᠠᠵᠢᠯᠯᠠᠭᠤᠯᠬᠤ ᠶᠢ ᠬᠠᠷᠢᠭᠤᠴᠠᠨ᠂ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠲᠤᠤᠷ ᠰᠦᠯᠵᠢᠶ᠎ᠡ ᠶᠢ ᠪᠣᠶ ᠪᠤᠯᠭᠠᠪᠠ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 1650 ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ 593 ᠬᠦᠯ ᠪᠦᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠲᠠᠢ ᠪᠣᠯᠪᠠ᠃ ᠡᠲᠡᠭᠡᠷ ᠰᠤᠷᠭᠠᠭᠤᠯᠢ ᠪᠠ ᠬᠡᠦᠬᠡᠳ ᠤᠨ ᠴᠡᠴᠡᠷᠯᠢᠭ ᠨᠢ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠥᠯᠥᠭᠡᠶ ᠪᠣᠯᠵᠣ᠂ ᠬᠥᠯ ᠪᠥᠮᠪᠦᠭᠡ ᠶᠢᠨ ᠬᠢᠴᠢᠶᠡᠯ ᠨᠡᠭᠡᠭᠡᠬᠦ᠂ ᠬᠥᠯ ᠪᠥᠮᠪᠦᠭᠡ ᠶᠢᠨ ᠨᠡᠶᠢᠭᠡᠮᠯᠢᠭ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠯ ᠪᠥᠮᠪᠦᠭᠡ ᠶᠢᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠬᠡᠦᠬᠡᠳ ᠤᠨ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠠᠭᠤᠰᠬᠠᠵᠤ ᠪᠤᠢ᠃ ᠡᠯᠪᠡᠭ ᠪᠠᠶᠠᠯᠢᠭ ᠤᠷᠤᠯᠳᠤᠭᠠᠨ ᠤ ᠵᠦᠢᠯ ᠤᠳ ᠨᠢ ᠬᠡᠦᠬᠡᠳ ᠤᠳ ᠤᠨ ᠬᠥᠯ ᠪᠥᠮᠪᠦᠭᠡ ᠶᠢᠨ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠤᠷᠤᠨ ᠤ ᠬᠥᠯ ᠪᠥᠮᠪᠦᠭᠡ ᠶᠢᠨ ᠡᠩᠨᠡᠭᠡ ᠳᠤ ᠶᠡᠭᠡ ᠬᠡᠮᠵᠢᠶᠡᠨ ᠤ ᠴᠢᠳᠠᠪᠤᠷᠢᠲᠠᠨ ᠨᠥᠭᠡᠴᠡᠯᠡᠭᠰᠡᠨ ᠢᠶᠠᠷ ᠪᠠᠷᠠᠬᠤ ᠥᠬᠡᠶ ᠪᠠᠰᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠢ ᠲᠡᠬᠦᠯᠳᠡᠷᠵᠢᠬᠦᠯᠦᠨ ᠬᠦᠭᠵᠢᠬᠦᠯᠵᠡᠢ᠃       ᠵᠠᠯᠠᠭᠤᠴᠤᠳ ᠤᠨ ᠬᠦᠯ ᠪᠦᠮᠪᠦᠭᠡ ᠶᠢᠨ ᠪᠣᠯᠪᠠᠰᠤᠷᠠᠯ ᠤᠨ ᠰᠢᠰᠲ᠋ᠧᠮ ᠪᠣᠯ ᠬᠥᠯ ᠪᠥᠮᠪᠦᠭᠡ ᠶᠢᠨ ᠬᠥᠭᠵᠢᠯᠲᠡ ᠶᠢᠨ ᠭᠤᠤᠯ ᠭᠤᠭᠴᠤᠭ᠎ᠠ ᠮᠥᠨ᠃ ᠮᠠᠨ ᠤ ᠤᠷᠤᠨ ᠠᠶᠢᠮᠠᠭ ᠬᠤᠲᠠ᠂ ᠶᠡᠭᠡ ᠳᠡᠭᠡᠳᠦ ᠰᠤᠷᠭᠠᠭᠤᠯᠢ ᠪᠠᠷ ᠲᠦᠰᠢᠭ ᠪᠣᠯᠭᠠᠨ ᠵᠠᠯᠠᠭᠤᠴᠤᠳ ᠤᠨ ᠬᠦᠯ ᠪᠦᠮᠪᠦᠭᠡ ᠶᠢᠨ ᠪᠣᠯᠪᠠᠰᠤᠷᠠᠯ ᠤᠨ ᠲᠥᠪ ᠢ ᠪᠠᠶᠢᠭᠤᠯᠵᠤ᠂ U7 - U18 ᠮᠠᠩᠯᠠᠶ ᠰᠢᠯᠭᠠᠷᠠᠭᠤᠯᠬᠤ ᠤᠷᠤᠯᠳᠤᠭᠠᠨ᠂ U13 - U19 ᠵᠠᠯᠠᠭᠤᠴᠤᠳ ᠪᠠᠭᠠᠴᠤᠳ ᠤᠨ ᠺᠯᠦᠪ ᠤᠨ ᠬᠤᠯᠪᠣᠭᠠᠲᠤ ᠤᠷᠤᠯᠳᠤᠭᠠᠨ᠂ U6 ᠠᠴᠠ ᠳᠣᠷᠣᠭᠰᠢᠬᠢ ᠬᠡᠦᠬᠡᠳ ᠤᠨ ᠬᠥᠯ ᠪᠥᠮᠪᠦᠭᠡ ᠶᠢᠨ ᠰᠣᠨᠢᠷᠬᠠᠯᠲᠤ ᠬᠥᠳᠡᠯᠭᠡᠭᠡᠨ ᠵᠡᠷᠭᠡ ᠣᠯᠠᠨ ᠵᠦᠢᠯ ᠤᠨ ᠤᠷᠤᠯᠳᠤᠭᠠᠨ ᠤ ᠳᠦᠷᠢᠮ ᠢ ᠬᠠᠮᠤᠷᠤᠭᠰᠠᠨ ᠬᠤᠯᠪᠣᠭᠠᠲᠤ ᠤᠷᠤᠯᠳᠤᠭᠠᠨ ᠤ ᠰᠢᠰᠲ᠋ᠧᠮ ᠢ ᠪᠦᠷᠢᠯᠳᠦᠭᠦᠯᠵᠦ᠂ ᠠᠳᠠᠯᠢ ᠪᠤᠰᠤ ᠨᠠᠰᠤᠨ ᠤ ᠵᠠᠯᠠᠭᠤᠴᠤᠳ ᠪᠠᠭᠠᠴᠤᠳ ᠲᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠪᠠ᠃ ᠵᠠᠯᠠᠭᠤᠴᠤᠳ ᠤᠨ ᠬᠦᠯ ᠪᠦᠮᠪᠦᠭᠡ ᠶᠢᠨ ᠪᠣᠯᠪᠠᠰᠤᠷᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠠᠪᠤᠴᠠ ᠳᠤ᠂ ᠤᠯᠠᠨ ᠡᠰᠢᠵᠢᠭᠰᠡᠨ ᠲᠠᠪᠴᠠᠩ ᠪᠠᠶᠢᠭᠤᠯᠬᠤ ᠶᠢ ᠴᠢᠬᠤᠯᠠᠴᠢᠯᠠᠪᠠ᠃       ᠨᠡᠶᠢᠭᠡᠮ ᠤᠨ ᠬᠥᠯ ᠪᠥᠮᠪᠦᠭᠡ ᠪᠣᠯ ᠥᠪᠥᠷ ᠮᠣᠩᠭᠤᠯ ᠤᠨ ᠬᠥᠯ ᠪᠥᠮᠪᠦᠭᠡ ᠶᠢᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠬᠥᠯ ᠪᠥᠮᠪᠦᠭᠡ ᠶᠢᠨ ᠰᠣᠶᠣᠯ ᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠨᠡᠶᠢᠭᠡᠮ ᠤᠨ ᠬᠥᠯ ᠪᠥᠮᠪᠦᠭᠡ ᠶᠢᠨ ᠺᠯᠦᠪ ᠥᠷᠨᠢᠨ ᠬᠥᠭᠵᠢᠵᠦ᠂ ᠪᠥᠬᠦ ᠣᠷᠣᠨ ᠳᠤ ᠨᠡᠶᠢᠭᠡᠮ ᠤᠨ ᠬᠥᠯ ᠪᠥᠮᠪᠦᠭᠡ ᠶᠢᠨ ᠺᠯᠦᠪ 138 ᠪᠠᠶᠢᠵᠤ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠰᠢᠰᠲ᠋ᠧᠮ ᠳᠤ ᠳᠠᠩᠰᠠᠯᠠᠭᠤᠯᠤᠭᠰᠠᠨ ᠺᠯᠦᠪ 93 ᠪᠣᠶ᠃ ᠡᠳᠡᠭᠡᠷ ᠺᠯᠦᠪ ᠨᠢ ᠬᠥᠯ ᠪᠥᠮᠪᠦᠭᠡ ᠳᠤ ᠪᠠᠭ᠋ᠠᠲᠠᠶ ᠬᠥᠮᠦᠰ ᠲᠤ ᠪᠣᠯᠪᠠᠰᠤᠷᠠᠯ ᠪᠠ ᠤᠷᠤᠯᠳᠤᠭᠠᠨ ᠤ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ᠂ ᠬᠥᠯ ᠪᠥᠮᠪᠦᠭᠡ ᠶᠢ ᠲᠦᠭᠡᠮᠡᠯᠵᠢᠭᠦᠯᠬᠦ ᠪᠠ ᠳᠡᠯᠭᠡᠷᠡᠭᠦᠯᠬᠦ ᠲᠠᠯ᠎ᠠ ᠪᠠᠷ ᠴᠤ ᠴᠢᠬᠤᠯᠠ ᠦᠢᠯᠡᠳᠦᠯ ᠦᠵᠡᠭᠦᠯᠪᠡ᠃       ᠤᠷᠤᠨ ᠨᠤᠳᠤᠭ ᠤᠨ ᠤᠷᠤᠯᠳᠤᠭᠠᠨ ᠠᠴᠠ ᠤᠯᠠᠨ ᠤᠯᠤᠰ ᠤᠨ ᠤᠷᠤᠯᠳᠤᠭᠠᠨ ᠢ ᠡᠷᠬᠢᠯᠡᠭᠰᠡᠨ ᠰᠢᠪᠳᠤᠯᠤᠯᠳᠠ       ᠥᠪᠥᠷ ᠮᠣᠩᠭᠤᠯ ᠤᠨ ᠣᠨᠴᠠᠯᠢᠭ ᠲᠠᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠵᠦ᠂ ᠮᠠᠨ ᠤ ᠤᠷᠤᠨ ᠤ ᠬᠥᠯ ᠪᠥᠮᠪᠦᠭᠡ ᠶᠢᠨ ᠦᠢᠯᠡᠰ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠪᠡ᠃ ᠲᠤᠬᠠᠶᠢᠯᠠᠪᠠᠯ᠂ ᠲᠥᠯᠥᠪᠵᠢᠭᠦᠯᠭᠡ ᠶᠢᠨ ᠰᠢᠰᠲ᠋ᠧᠮ ᠥᠬᠡᠶ᠂ ᠬᠤᠯᠪᠣᠭᠠᠲᠤ ᠤᠷᠤᠯᠳᠤᠭᠠᠨ ᠤ ᠰᠢᠰᠲ᠋ᠧᠮ ᠥᠬᠡᠶ᠂ ᠴᠢᠳᠠᠪᠤᠷᠢᠲᠠᠨ ᠤ ᠰᠢᠰᠲ᠋ᠧᠮ ᠥᠬᠡᠶ᠂ ᠠᠵᠢᠯ ᠮᠡᠷᠭᠡᠵᠢᠯ ᠤᠨ ᠡᠩᠨᠡᠭᠡ ᠥᠬᠡᠶ᠂ ᠵᠠᠷᠤᠳᠠᠯ ᠤᠨ ᠪᠠᠲᠤᠯᠠᠭ᠎ᠠ ᠥᠬᠡᠶ ᠂ ᠬᠥᠯ ᠪᠥᠮᠪᠦᠭᠡ ᠶᠢᠨ ᠰᠣᠶᠣᠯ ᠥᠬᠡᠶ ᠵᠡᠷᠭᠡ ᠡᠬᠢᠯᠡᠯᠲᠡ ᠶᠢᠨ ᠱᠠᠲᠤ ᠦᠶ᠎ᠡ ᠠᠴᠠ ᠪᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮ ᠲᠠᠢ᠂ ᠲᠤᠰᠬᠠᠶ ᠠᠵᠢᠯ ᠤᠨ ᠪᠠᠶᠢᠭᠤᠯᠤᠮᠵᠢ ᠲᠠᠢ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠱᠠᠲᠤᠯᠢᠭ ᠡᠩᠨᠡᠭᠡ ᠲᠠᠢ᠂ ᠲᠤᠰᠬᠠᠶ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠲᠠᠢ᠂ ᠬᠤᠯᠪᠣᠭᠠᠲᠤ ᠤᠷᠤᠯᠳᠤᠭᠠᠨ ᠤ ᠰᠢᠰᠲ᠋ᠧᠮ ᠲᠠᠢ ᠪᠤᠯᠵᠤ ᠬᠦᠭᠵᠢᠪᠡ᠃       ᠤᠷᠤᠯᠳᠤᠭᠠᠨ ᠡᠷᠬᠢᠯᠡᠬᠦ ᠴᠢᠳᠠᠪᠤᠷᠢ ᠲᠠᠰᠤᠷᠠᠯᠳᠠ ᠦᠭᠡᠢ ᠲᠡᠭᠡᠭᠰᠢᠯᠡᠵᠦ᠂ ᠤᠷᠤᠨ ᠨᠤᠳᠤᠭ ᠤᠨ ᠤᠷᠤᠯᠳᠤᠭᠠᠨ ᠠᠴᠠ ᠤᠯᠠᠨ ᠤᠯᠤᠰ ᠤᠨ ᠤᠷᠤᠯᠳᠤᠭᠠᠨ ᠢ ᠲᠠᠭᠠᠭᠠᠨ ᠡᠷᠬᠢᠯᠡᠬᠦ ᠪᠤᠯᠪᠠ᠃ 5 ᠰᠠᠷ᠎ᠠ ᠶᠢᠨ 28 ᠤ ᠡᠳᠦᠷ ᠠᠴᠠ 6 ᠰᠠᠷ᠎ᠠ ᠶᠢᠨ 1 ᠤ ᠡᠳᠦᠷ ᠪᠤᠯᠳᠠᠯ᠎ᠠ ᠲᠤᠮᠳᠠᠳᠤ ᠤᠯᠤᠰ ᠤᠨ ᠬᠦᠯ ᠪᠦᠮᠪᠦᠭᠡ ᠶᠢᠨ ᠨᠡᠶᠢᠭᠡᠮᠯᠢᠭ ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ ᠪᠠ ᠬᠦᠬᠡᠬᠤᠳᠠ ᠵᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ ᠤᠯᠠᠨ ᠤᠯᠤᠰ ᠤᠨ B ᠲᠡᠰ ᠤᠨ ᠤᠷᠤᠯᠳᠤᠭᠠᠨ — 2025CFA ︽ᠰᠢᠩ ᠲᠠᠢ ᠬᠤᠨᠳᠠᠭᠠᠲᠤ︾ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤᠯᠤᠰ ᠤᠨ ᠤᠮᠠᠷᠠᠳᠤ ᠶᠢᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠳᠤ ᠠᠮᠵᠢᠯᠳᠠ ᠲᠠᠢ ᠶᠠᠪᠤᠭᠳᠠᠵᠤ᠂ ᠲᠤᠮᠳᠠᠳᠤ ᠤᠯᠤᠰ᠂ ᠰᠡᠦᠳᠢ ᠠᠷᠠᠪ᠂ ᠸᠢᠶᠤᠲᠨᠠᠮ᠂ ᠠᠦ᠋ᠰᠲᠷᠠᠯᠢᠶ᠎ᠠ ᠵᠡᠷᠭᠡ ᠲᠦᠷᠪᠡᠨ ᠤᠯᠤᠰ ᠤᠨ U16 ᠶᠢᠨ ᠰᠢᠯᠢᠳᠡᠭ ᠲᠠᠮᠢᠷᠴᠢᠳ ᠤᠷ᠎ᠠ ᠮᠡᠷᠭᠡᠵᠢᠯ ᠢᠶᠠᠨ ᠦᠷᠢᠰᠦᠯᠳᠦᠨ ᠰᠤᠯᠢᠯᠴᠠᠵᠠᠢ᠃       ᠡᠬᠦᠨ ᠠᠴᠠ ᠡᠮᠦᠨᠡᠭᠡᠨ᠂ 5 ᠰᠠᠷ᠎ᠠ ᠶᠢᠨ 17 ᠤ ᠡᠳᠦᠷ᠂ ᠠᠽᠢᠶ᠎ᠠ ᠶᠢᠨ ᠡᠮᠡᠭᠳᠡᠢ ᠶᠢᠨ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠠᠽᠢᠶ᠎ᠠ ᠬᠤᠨᠳᠠᠭᠠᠳᠤ ᠤᠷᠤᠯᠳᠤᠭᠠᠨ ᠪᠠᠰᠠ ᠤᠯᠤᠰ ᠤᠨ ᠤᠮᠠᠷᠠᠳᠤ ᠶᠢᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠳᠤ ᠶᠠᠪᠤᠭᠳᠠᠵᠤ᠂ ︽ᠬᠠᠮᠤᠭ ᠤᠨ ᠰᠠᠶᠢᠨ ᠤᠷᠤᠯᠳᠤᠭᠠᠨ ᠤ ᠲᠤᠭᠤᠷᠢᠭ︾ ᠤᠨ ᠢᠷᠠᠭᠤ ᠠᠯᠳᠠᠷ ᠢ ᠬᠦᠷᠲᠡᠵᠦ᠂ ᠲᠤᠮᠳᠠᠳᠤ ᠤᠯᠤᠰ ᠤᠨ ᠡᠮᠡᠭᠳᠡᠢ ᠶᠢᠨ ᠠᠩᠬᠢ ᠲᠦᠷᠪᠡᠳᠦᠭᠡᠷ ᠲᠧ ᠤᠷᠤᠵᠤ ᠲᠡᠦᠭᠡ ᠶᠢᠨ ᠬᠠᠮᠤᠭ ᠤᠨ ᠰᠠᠶᠢᠨ ᠲᠡᠮᠳᠡᠭᠯᠡᠯ ᠢ ᠡᠬᠦᠳᠦᠭᠰᠡᠨ ᠪᠠᠶᠢᠨ᠎ᠠ᠃       ᠬᠥᠯ ᠪᠥᠮᠪᠦᠭᠡ ᠪᠤᠯ ᠲᠦᠭ ᠲᠦᠮᠡᠨ ᠬᠦᠮᠦᠰ ᠤᠨ ︽ᠬᠦᠰᠡᠯ ᠮᠦᠷᠦᠭᠡᠳᠦᠯ︾ ᠮᠦᠨ᠃ ᠬᠦᠯ ᠪᠦᠮᠪᠦᠭᠡ ᠶᠢᠨ ᠦᠢᠯᠡᠰ ᠤᠨ ᠦᠷᠨᠢᠬᠦᠨ ᠬᠦᠭᠵᠢᠯᠳᠡ᠂ ᠪᠦᠬᠦ ᠠᠷᠠᠳ ᠤᠨ ᠬᠦᠯ ᠪᠦᠮᠪᠦᠭᠡ ᠶᠢᠨ ᠬᠠᠯᠠᠮᠰᠢᠯ᠂ ᠬᠦᠯ ᠪᠦᠮᠪᠦᠭᠡ ᠶᠢᠨ ᠪᠤᠯᠪᠠᠰᠤᠷᠠᠯ ᠰᠤᠷᠢᠯᠳᠠ ᠪᠠ ᠤᠷᠤᠯᠳᠤᠭᠠᠨ ᠨᠢ ᠰᠣᠶᠣᠯ ᠰᠤᠷᠭᠠᠨ ᠬᠦᠮᠦᠵᠢᠯ ᠵᠢᠭᠤᠯᠴᠢᠯᠠᠯ ᠪᠡᠶ᠎ᠡ ᠶᠢᠨ ᠲᠠᠮᠢᠷ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠲᠠᠶᠢᠴᠢᠯᠠᠨ ᠂ ᠦᠪᠦᠷ ᠮᠤᠩᠭᠤᠯ ᠤᠨ ᠨᠡᠷ᠎ᠡ ᠶᠢᠨ ᠬᠠᠭᠤᠳᠠᠰᠤ᠂ ᠲᠠᠯ᠎ᠠ ᠨᠤᠳᠤᠭ ᠤᠨ ᠬᠦᠯ ᠪᠦᠮᠪᠦᠭᠡ ᠶᠢ ᠴᠢᠨᠠᠭᠰᠢᠳᠠ ᠠᠯᠳᠠᠷᠰᠢᠭᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ