5 ᠳ᠋ᠤᠭᠠᠷ ᠰᠠᠷ᠎ᠠ ᠶᠢᠨ 30 ᠤ ᠡᠳᠦᠷ᠂ ︽ᠤᠮᠠᠷᠠᠲᠤ ᠬᠢᠯᠢ ᠶᠢᠨ ᠰᠢᠨ᠎ᠡ ᠨᠢᠭᠡ ᠦᠶ᠎ᠡ ᠵᠠᠯᠠᠭᠤ ᠨᠠᠰᠤ ᠳᠤᠮᠳᠠᠳᠤ ᠶᠢ ᠦᠭᠦᠯᠡᠬᠦ ᠨᠢ︾ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠣᠨᠣᠯ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ᠃ ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠡᠪᠯᠡᠯ ᠤᠨ ᠬᠤᠷᠢᠶ᠎ᠠ ᠬᠠᠮᠲᠤᠷᠠᠨ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ | ᠵᠣᠷᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠢ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ ᠪᠠᠷ ᠬᠥᠲᠦᠯᠦᠨ ᠵᠢᠯᠣᠭᠤᠳᠪᠠ᠃ | ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠡᠯ᠎ᠡ ᠶᠡᠭᠡ ᠳᠡᠭᠡᠳᠦ ᠰᠤᠷᠭᠠᠭᠤᠯᠢ ᠢᠳᠡᠪᠬᠢᠲᠡᠢ ᠴᠤᠤᠷᠢᠶᠠᠲᠤᠨ ᠳᠠᠭᠠᠵᠤ᠂ ᠣᠯᠠᠨ ᠶᠠᠩᠵᠤ ᠶᠢᠨ | ᠰᠤᠷᠭᠠᠭᠤᠯᠢ ᠶᠢᠨ ᠳᠡᠰ ᠤᠨ ᠠᠩᠬᠠᠨ ᠤ ᠤᠷᠤᠯᠳᠤᠭᠠᠨ ᠢ 41 ᠲᠠᠯᠠᠪᠠᠢ ᠤᠳᠠᠭ᠎ᠠ ᠵᠣᠬᠢᠶᠠᠨ ᠪᠠᠶᠢᠭᠤᠯᠵᠤ᠂ 800 ᠭᠠᠷᠤᠢ ᠰᠤᠷᠤᠭᠴᠢ ᠣᠷᠣᠯᠴᠠᠨ᠂ ᠲᠦᠮᠡ | ᠰᠢᠬᠠᠮ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠠᠬᠤᠢ ᠲᠠᠯᠠᠪᠠᠢ ᠳᠤ ᠲᠣᠭᠤᠷᠢᠨ ᠦᠵᠡᠵᠦ᠂ ᠡᠴᠦᠰ ᠲᠤ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠰᠢᠯᠭᠠᠷᠠᠭᠤᠯᠤᠯᠲᠠ ᠳᠤ 41 ᠪᠦᠲᠦᠭᠡᠯ ᠢ ᠣᠷᠣᠭᠤᠯᠬᠤ ᠪᠠᠷ ᠲᠣᠭᠲᠠᠪᠠ᠃ ᠮᠥᠷᠦ᠋ᠢᠴᠡᠭᠡᠨ ᠢᠶᠠᠷ ᠳᠠᠮᠵᠢᠨ᠂ 19 ᠳᠤᠭᠤᠶᠢᠯᠠᠩ ᠶᠢᠨ ᠣᠷᠣᠯᠴᠠᠭᠴᠢ | ᠴᠣᠯᠭᠤᠷᠠᠨ ᠰᠢᠢᠳᠪᠦᠷᠢᠲᠦ ᠤᠷᠤᠯᠳᠤᠭᠠᠨ ᠳᠤ ᠳᠡᠪᠰᠢᠨ ᠣᠷᠣᠵᠤ᠂ ᠬᠠᠮᠲᠤ ᠳᠤ ᠪᠠᠨ ᠤᠷᠤᠯᠳᠤᠭᠠᠨ ᠤ ᠲᠠᠯᠠᠪᠠᠢ ᠳᠤ ᠮᠥᠷᠦ᠋ᠢᠴᠡᠯᠳᠦᠪᠡ᠃ | ᠤᠷᠤᠯᠳᠤᠭᠠᠨ ᠨᠢ ᠰᠤᠷᠤᠭᠴᠢᠳ ᠲᠤ ᠵᠣᠬᠢᠴᠠᠬᠤ ᠨᠡᠩ ᠣᠯᠠᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ ᠰᠦᠪᠡᠭᠴᠢᠯᠡᠬᠦ ᠶᠢ ᠵᠣᠷᠢᠭᠵᠢᠭᠤᠯᠪᠠ᠃ | ᠤᠷᠤᠯᠳᠤᠭᠠᠨ ᠳᠤ ᠣᠷᠣᠯᠴᠠᠭᠰᠠᠳ ᠤᠯᠠᠮᠵᠢᠯᠠᠯᠲᠤ ᠤᠬᠠᠭᠤᠯᠤᠨ ᠲᠠᠶᠢᠯᠪᠤᠷᠢᠯᠠᠬᠤ ᠪᠤᠶᠤ ︽ᠤᠬᠠᠭᠤᠯᠤᠨ ᠲᠠᠶᠢᠯᠪᠤᠷᠢᠯᠠᠬᠤ + ᠨᠣᠮ ᠤᠩᠰᠢᠵᠤ ᠬᠤᠪᠢᠶᠠᠯᠴᠠᠬᠤ︾᠂ | ︽ᠤᠬᠠᠭᠤᠯᠤᠨ ᠲᠠᠶᠢᠯᠪᠤᠷᠢᠯᠠᠬᠤ + ᠦᠭᠦᠯᠡᠨ ᠳᠠᠭᠤᠯᠠᠬᠤ︾᠂ ︽ᠤᠬᠠᠭᠤᠯᠤᠨ ᠲᠠᠶᠢᠯᠪᠤᠷᠢᠯᠠᠬᠤ + ᠴᠠᠷᠭᠢᠯ ᠬᠤᠯᠪᠤᠭ᠎ᠠ︾᠂ ︽ᠤᠬᠠᠭᠤᠯᠤᠨ ᠲᠠᠶᠢᠯᠪᠤᠷᠢᠯᠠᠬᠤ | + ᠦᠵᠡᠭᠳᠡᠯᠲᠦ ᠵᠦᠴᠦᠭᠡ︾ ᠵᠡᠷᠭᠡ ᠬᠡᠯᠪᠡᠷᠢ ᠪᠠᠷ ᠤᠷᠤᠯᠳᠤᠭᠠᠨ ᠳᠤ ᠣᠷᠣᠯᠴᠠᠵᠤ ᠪᠣᠯᠤᠨ᠎ᠠ᠃ ᠲᠡᠳᠡ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ | ᠰᠤᠷᠤᠯᠭ᠎ᠠ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠳᠡᠷᠭᠡᠳᠡᠬᠢ ᠶᠠᠪᠤᠳᠠᠯ︾᠂ ︽ᠬᠠᠯᠠᠮᠵᠢᠯᠠᠵᠤ ᠪᠠᠶᠢᠭ᠎ᠠ ᠶᠠᠪᠤᠳᠠᠯ︾ ᠠᠴᠠ | ᠭᠠᠷᠳᠠᠵᠤ᠂ ᠵᠠᠯᠠᠭᠤᠴᠤᠳ ᠤᠨ ᠦᠭᠡ ᠶᠠᠷᠢᠶ᠎ᠠ᠂ ᠠᠮᠢᠳᠤᠯᠢᠭ ᠵᠢᠱᠢᠶ᠎ᠡ ᠪᠠᠷ ︽ᠪᠠᠭ᠎ᠠ ᠠᠴᠠ ᠶᠡᠭᠡ ᠶᠢ ᠦᠵᠡᠬᠦ︾᠂ ᠶᠡᠷᠦᠩᠬᠡᠢ ᠱᠦᠵᠢ ᠰᠢ ᠶᠢᠨ ᠫᠢᠩ ᠤᠨ | ᠵᠠᠯᠠᠭᠤᠴᠤᠳ ᠲᠤ ᠥᠭᠭᠦᠭᠰᠡᠨ ᠬᠠᠶᠢᠷ᠎ᠠ ᠬᠠᠯᠠᠮᠵᠢ ᠪᠠ ᠴᠢᠩ ᠰᠡᠳᠬᠢᠯ ᠤᠨ ᠨᠠᠶᠢᠳᠠᠯᠭ᠎ᠠ ᠶᠢ ᠭᠦᠨ ᠵᠤᠵᠠᠭᠠᠨ ᠰᠡᠳᠬᠢᠯᠭᠡ ᠪᠠᠷ ᠶᠠᠷᠢᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠢᠭᠡ ᠭᠤᠣᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠭᠠᠯ ᠬᠠᠯᠠᠭᠤᠨ ᠦᠢᠯᠡᠳᠦᠯᠭᠡ ᠶᠢ ᠤᠯᠠᠨ | ᠬᠠᠷᠠᠭᠠᠰᠤ ᠠᠴᠠ ᠢᠯᠡᠷᠡᠭᠦᠯᠪᠡ᠃ | ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠠᠮᠵᠢᠨ᠂ ᠰᠢᠢᠳᠪᠦᠷᠢᠲᠦ ᠤᠷᠤᠯᠳᠤᠭᠠᠨ ᠳᠤ ᠣᠨᠴᠠ ᠳᠡᠰ ᠤᠨ ᠱᠠᠩᠨᠠᠯ 1᠂ ᠨᠢᠭᠡᠳᠦᠭᠡᠷ ᠳᠡᠰ ᠤᠨ ᠱᠠᠩᠨᠠᠯ 2᠂ | ᠬᠤᠶᠠᠳᠤᠭᠠᠷ ᠳᠡᠰ ᠤᠨ ᠱᠠᠩᠨᠠᠯ 4᠂ ᠭᠤᠷᠪᠠᠳᠤᠭᠠᠷ ᠳᠡᠰ ᠤᠨ ᠱᠠᠩᠨᠠᠯ 5᠂ ᠰᠢᠯᠢᠳᠡᠭ ᠱᠠᠩᠨᠠᠯ 7᠂ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠵᠣᠬᠢᠶᠠᠨ | ᠪᠠᠶᠢᠭᠤᠯᠤᠭᠰᠠᠨ ᠱᠠᠩᠨᠠᠯ 10 ᠶᠢ ᠰᠢᠯᠭᠠᠷᠠᠭᠤᠯᠪᠠ᠃ ᠤᠷᠤᠯᠳᠤᠭᠠᠨ ᠨᠢ ︽ᠬᠤᠪᠢᠰᠬᠠᠯᠲᠤ ᠤᠮᠠᠷᠠᠲᠤ ᠬᠢᠯᠢ ᠦᠨᠢ ᠮᠥᠩᠬᠡᠷᠡᠨᠡᠮ︾ ︽ᠮᠣᠷᠢᠨ ᠬᠤᠭᠤᠷ ᠤᠨ | ᠴᠢᠪᠬᠠᠳᠠᠰᠤᠨ ᠳᠡᠭᠡᠷᠡᠬᠢ ᠦᠨᠳᠦᠰᠦᠲᠡᠨ ᠤ ᠪᠥᠯᠬᠦᠮᠳᠡᠯ︾ ᠵᠡᠷᠭᠡ ᠣᠯᠠᠨ ᠲᠦᠮᠡᠨ ᠲᠠᠢ ᠣᠶᠢᠷᠠᠲᠤᠭᠰᠠᠨ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠴᠤᠭ | ᠪᠠᠳᠠᠷᠠᠩᠭᠤᠢ ᠤᠬᠠᠭᠤᠯᠤᠨ ᠲᠠᠶᠢᠯᠪᠤᠷᠢᠯᠠᠬᠤ ᠪᠦᠲᠦᠭᠡᠯ ᠢ ᠰᠢᠯᠭᠠᠷᠠᠭᠤᠯᠵᠤ᠂ ᠤᠮᠠᠷᠠᠲᠤ ᠬᠢᠯᠢ ᠶᠢᠨ ᠵᠠᠯᠠᠭᠤᠴᠤᠳ ᠤᠨ ︽ᠤᠯᠤᠰ ᠢᠶᠠᠨ ᠬᠦᠴᠦᠷᠬᠡᠭᠵᠢᠭᠦᠯᠦᠨ | ᠮᠠᠨᠳᠤᠭᠤᠯᠬᠤ ᠳᠤ ᠪᠢ ᠪᠤᠢ︾ ᠭᠡᠬᠦ ᠬᠠᠮᠤᠭ ᠤᠨ ᠴᠢᠩᠭ᠎ᠠ ᠰᠡᠳᠬᠢᠯ ᠤᠨ ᠳᠠᠭᠤᠨ ᠢ ᠴᠤᠤᠷᠢᠶᠠᠲᠤᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠰᠤᠷᠤᠭᠴᠢᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠵᠢᠯᠣᠭᠤᠳᠴᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠬᠠᠷᠢᠭᠤᠴᠠᠯᠭ᠎ᠠ ᠡᠭᠦᠷᠭᠡᠯᠡᠬᠦ ᠴᠤᠭ ᠪᠠᠳᠠᠷᠠᠩᠭᠤᠢ ᠳᠦᠷᠰᠦ ᠪᠠᠶᠢᠳᠠᠯ ᠢ ᠢᠯᠡᠷᠡᠭᠦᠯᠪᠡ᠃ | ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠨᠣᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠣᠰᠣ ᠰᠤᠷᠲᠠᠬᠤᠨ ᠢ | ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠭᠰᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ᠂ | ᠤᠶᠤᠲᠠᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠯᠠᠭᠠᠨ ᠪᠥᠴᠡᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠵᠡᠷᠭᠡ ᠶᠢ ᠢᠳᠡᠪᠬᠢᠲᠡᠢ ᠪᠠᠶᠢᠭᠤᠯᠵᠤ᠂ | ᠲᠥᠪᠯᠡᠷᠡᠭᠦᠯᠦᠨ ᠪᠣᠯᠪᠠᠰᠤᠷᠠᠭᠤᠯᠬᠤ᠂ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ᠂ ᠪᠦᠯᠬᠦᠮ ᠵᠣᠬᠢᠶᠠᠨ ᠪᠠᠶᠢᠭᠤᠯᠵᠤ ᠤᠬᠠᠭᠤᠯᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠵᠤ᠂ ᠡᠯ᠎ᠡ ᠣᠨᠣᠯ ᠢ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠳᠡᠰ ᠳᠡᠪᠰᠢᠬᠦ ᠶᠢ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ | ᠠᠮᠢᠳᠤᠯᠢᠭ ᠶᠠᠷᠢᠵᠤ᠂ ᠣᠶᠤᠨ ᠲᠠᠷᠢᠬᠢᠨ ᠳᠤ ᠨᠢ ᠬᠠᠳᠠᠩᠰᠢᠭᠤᠯᠵᠤ᠂ ᠤᠮᠠᠷᠠᠲᠤ ᠬᠢᠯᠢ ᠶᠢᠨ ᠰᠤᠷᠭᠠᠭᠤᠯᠢ ᠶᠢᠨ ᠬᠦᠷᠢᠶᠡᠨ ᠳᠤ ᠣᠨᠣᠯ ᠤᠨ ᠳᠠᠭᠤᠨ ᠢ | ᠴᠤᠤᠷᠢᠶᠠᠲᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠵᠠᠯᠠᠭᠤ ᠨᠠᠰᠤᠨ ᠤ ᠬᠦᠴᠦᠨ ᠨᠡᠮᠡᠷᠢᠯᠡᠪᠡ᠃ | |