ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠦᠯᠦ ᠮᠡᠳᠡᠭᠦᠯᠦᠨ ︽ᠠᠰᠠᠭᠤᠳᠠᠯ ᠢ ᠲᠠᠷᠤᠬᠤ︾ ᠨᠢ ᠲᠥᠪ ᠴᠢᠩᠭ᠎ᠠ ᠤᠯᠤᠰ ᠲᠥᠷᠥ ᠶᠢᠨ ᠠᠰᠠᠭᠤᠳᠠᠯ ᠮᠥᠨ
ᠨᠡᠶᠢᠲᠡᠯᠡᠭᠰᠡᠨ ᠴᠠᠭ᠄
2025/6/6
      ᠪᠠᠶᠠᠷ ᠤᠨ ᠡᠳᠦᠷ ᠤᠨ ᠬᠤᠭᠤᠴᠠᠭᠠᠨ ᠳᠤ᠂ ᠲᠥᠪ ᠤᠨ ᠲᠠᠪᠬᠤᠷᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠠᠴᠠ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ 2 ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ ᠵᠠᠷᠯᠠᠯ ᠠᠴᠠ ᠦᠵᠡᠪᠡᠯ᠂ ᠬᠤᠪᠸᠢ ᠮᠤᠵᠢ ᠶᠢᠨ ᠬᠤᠸᠠᠩᠭᠠᠩ ᠬᠤᠲᠠ ᠶᠢᠨ ᠬᠤᠸᠠᠩ ᠮᠧᠶ ᠰᠢᠶᠠᠨ᠂ ᠠᠨᠾᠦ᠋ᠢ ᠮᠤᠵᠢ ᠶᠢᠨ ᠠᠨᠴᠢᠩ ᠬᠤᠲᠠ ᠶᠢᠨ ᠰᠤ᠋ ᠰᠤᠩ ᠰᠢᠶᠠᠨ ᠤ ᠴᠢᠶᠠᠨ ᠯᠢᠩ ᠰᠢᠶᠠᠩ ᠵᠡᠷᠭᠡ ᠬᠤᠶᠠᠷ ᠭᠠᠵᠠᠷ ᠲᠤ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠪᠥᠭᠡᠳ ᠬᠥᠮᠦᠨ ᠬᠠᠷ᠎ᠠ ᠠᠳᠡᠭᠰᠡᠨ ᠬᠡᠷᠡᠭ ᠭᠠᠷᠴᠠᠶ᠃ ᠬᠤᠶᠠᠷ ᠤᠳᠠᠭᠠᠨ ᠤ ᠬᠡᠷᠡᠭ ᠡᠭᠦᠰᠦᠭᠰᠡᠨ ᠤ ᠳᠠᠷᠠᠭ᠎ᠠ᠂ ᠵᠠᠷᠢᠮ ᠺᠠᠳ᠋ᠷ ᠲᠣᠭᠲᠠᠭᠠᠯ ᠶᠣᠰᠣᠭᠠᠷ ᠦᠨᠡᠨ ᠮᠥᠨ ᠢᠶᠠᠷ ᠨᠢ ᠮᠡᠳᠡᠭᠦᠯᠬᠦ ᠦᠭᠡᠢ᠂ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠢᠭᠤᠨ ᠳᠠᠯᠳᠠᠯᠠᠬᠤ ᠪᠤᠶᠤ ᠪᠠᠯᠠᠯᠠᠨ ᠠᠷᠢᠯᠭᠠᠵᠤ᠂ ᠵᠠᠷᠢᠮ ᠺᠠᠳ᠋ᠷ ᠬᠠᠷᠢᠭᠤᠴᠠᠯᠭ᠎ᠠ ᠶᠢ ᠬᠡᠯᠲᠦᠷᠢᠭᠦᠯᠬᠦ᠂ ᠨᠢᠭᠤᠴᠠ ᠶᠢ ᠬᠠᠮᠠᠭᠠᠯᠠᠬᠤ ᠵᠡᠷᠭᠡ ᠤᠴᠢᠷ ᠶᠠᠪᠤᠳᠠᠯ ᠢ ᠳᠠᠯᠳᠠᠭᠤᠷ ᠪᠣᠯᠵᠣᠨ ᠲᠣᠭᠲᠠᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠸᠠᠩ ᠮᠧᠶ ᠰᠢᠶᠠᠨ ᠤ ᠬᠢᠨ ᠬᠡᠷᠡᠭ ᠭᠠᠷᠤᠭᠰᠠᠨ ᠤ ᠳᠠᠷᠠᠭ᠎ᠠ ︽ᠪᠢᠴᠢᠭᠡᠰᠦ ᠶᠢ ᠪᠠᠯᠠᠯᠠᠨ ᠠᠷᠢᠯᠭᠠᠬᠤ︾᠂ ︽ᠪᠢᠲᠡᠭᠦᠮᠵᠢᠯᠡᠬᠦ︾ ᠪᠠᠷ ᠪᠠᠷᠠᠬᠤ ᠥᠬᠡᠶ᠂ ᠮᠡᠳᠡᠭᠡ ᠵᠠᠩᠭᠢ ᠶᠢ ᠮᠡᠳᠡᠭᠦᠯᠬᠦ ᠳᠡᠭᠡᠨ ᠴᠦ ᠱᠠᠲᠤ ᠱᠠᠲᠤ ᠪᠠᠷ ᠰᠤᠯᠠᠷᠠᠭᠤᠯᠵᠤ᠂ ᠱᠠᠲᠤ ᠱᠠᠲᠤ ᠪᠠᠷ ᠨᠢᠭᠤᠨ ᠳᠠᠯᠳᠠᠯᠠᠵᠤ ᠦᠯᠦ ᠮᠡᠳᠡᠭᠦᠯᠦᠨ᠂ ᠴᠢᠨᠠᠭᠰᠢᠯᠠᠪᠠᠯ ᠪᠠᠶᠢᠳᠠᠯ ᠢ ᠮᠡᠳᠡᠭᠴᠢ ᠶᠢ ᠳᠤᠭᠤᠶ ᠪᠠᠶᠢᠯᠭᠠᠬᠤ ᠪᠠᠷ ᠤᠷᠤᠯᠳᠤᠪᠠ᠃       ᠠᠰᠠᠭᠤᠳᠠᠯ ᠭᠠᠷᠤᠭᠰᠠᠨ ᠪᠠᠶᠢᠳᠠᠯ ᠲᠤᠤᠷ᠎ᠠ ᠭᠦᠨᠵᠡᠭᠡᠢ ᠲᠤᠩᠭᠠᠨ ᠪᠣᠳᠣᠯᠬᠢᠯᠠᠵᠤ᠂ ᠢᠳᠡᠪᠬᠢᠲᠡᠢ ᠴᠡᠭᠴᠡᠯᠡᠨ ᠰᠠᠶᠢᠵᠢᠷᠠᠭᠤᠯᠬᠤ ᠦᠭᠡᠢ ᠮᠥᠷᠲᠡᠭᠡᠨ ᠬᠠᠷᠢᠨ ᠵᠦᠢᠯ ᠵᠦᠢᠯ ᠤᠨ ᠠᠷᠭ᠎ᠠ ᠪᠠᠷᠢᠯ ᠢᠶᠠᠷ ᠦᠨᠡᠨ ᠪᠠᠶᠢᠳᠠᠯ ᠢ ᠨᠢᠭᠤᠨ ᠲᠠᠯᠲᠠᠯᠠᠨ᠎ᠠ᠃ ᠡᠶᠢᠮᠦᠷᠬᠦᠦ ︽ᠠᠰᠠᠭᠤᠳᠠᠯ ᠢ ᠲᠠᠷᠤᠬᠤ︾ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠤ ᠳᠦᠷᠢ ᠲᠥᠷᠬᠦ ᠶᠢ ᠬᠦᠨᠳᠦ ᠨᠣᠴᠢᠲᠠᠶ ᠡᠪᠳᠡᠵᠦ᠂ ᠲᠦᠢᠯ ᠤᠨ ᠮᠠᠭᠤ ᠨᠥᠯᠥᠭᠡ ᠭᠠᠷᠭᠠᠵᠠᠶ᠃       ᠤᠴᠢᠷ ᠶᠠᠪᠤᠳᠠᠯ ᠲᠣᠬᠢᠶᠠᠯᠳᠤᠪᠠᠯ ︽ᠠᠰᠠᠭᠤᠳᠠᠯ ᠢ ᠲᠠᠷᠤᠬᠤ︾ ᠨᠢ ᠶᠠᠭ ᠰᠠᠶᠢᠬᠠᠨ ᠵᠠᠷᠢᠮ ᠺᠠᠳ᠋ᠷ ᠤᠨ ᠨᠠᠮ ᠤᠨ ᠰᠠᠬᠢᠯᠭ᠎ᠠ ᠪᠠᠲᠤ ᠤᠯᠤᠰ ᠤᠨ ᠬᠠᠤᠯᠢ ᠴᠠᠭᠠᠵᠠ ᠠᠴᠠ ᠪᠢᠰᠢᠷᠡᠨ ᠵᠢᠷᠦᠬᠡᠰᠢᠶᠡᠬᠦ ᠦᠭᠡᠢ᠂ ᠲᠥᠪ ᠤᠨ ᠨᠠᠢᠮᠠᠨ ᠲᠣᠭᠲᠠᠭᠠᠯ ᠢ ᠬᠠᠶᠢᠬᠤᠷᠬᠤ ᠦᠭᠡᠢ ᠪᠠᠶᠢᠬᠤ ᠶᠢ ᠢᠯᠡᠷᠡᠭᠦᠯᠦᠭᠰᠡᠨ ᠪᠠᠶᠢᠨ᠎ᠠ᠃ ᠬᠤᠸᠠᠩ ᠮᠧᠢ ᠰᠢᠶᠠᠨ ᠠᠴᠠ ᠬᠤᠸᠠᠩᠭᠠᠩ ᠬᠤᠲᠠ ᠬᠦᠷᠲᠡᠯ᠎ᠡ᠂ ᠬᠤᠯᠪᠣᠭᠳᠠᠯ ᠪᠦᠬᠦᠢ ᠨᠢᠭᠡᠴᠢ᠂ ᠬᠠᠮᠢᠶ᠎ᠠ ᠪᠦᠬᠦᠢ ᠠᠵᠢᠯᠲᠠᠳ ᠬᠠᠷᠢᠭᠤᠴᠠᠯᠭ᠎ᠠ ᠠᠴᠠ ᠬᠡᠯᠲᠦᠷᠢᠬᠦ᠂ ᠬᠠᠰᠢ ᠶᠠᠰᠢ ᠥᠩᠭᠡᠷᠡᠭᠦᠯᠬᠦ ᠪᠠᠷ ᠤᠷᠤᠯᠳᠤᠪᠠ᠃ ᠡᠨᠡ ᠨᠢ ᠨᠢᠭᠡᠨᠲᠡ ᠳᠥᠭᠦᠮᠬᠡᠨ ᠢᠶᠠᠷ ᠦᠯᠦ ᠮᠡᠳᠡᠭᠦᠯᠬᠦ ᠠᠰᠠᠭᠤᠳᠠᠯ ᠪᠢᠰᠢ ᠪᠤᠯᠵᠤ᠂ ᠨᠢᠭᠡ ᠭᠠᠵᠠᠷ ᠣᠷᠣᠨ᠂ ᠨᠢᠭᠡ ᠰᠢᠰᠲ᠋ᠧᠮ ᠤᠨ ᠬᠠᠷᠢᠭᠤᠴᠠᠯᠭ᠎ᠠ ᠶᠢᠨ ᠤᠬᠠᠮᠰᠠᠷ ᠳᠣᠣᠷ᠎ᠠ᠂ ᠨᠠᠮᠴᠢ ᠴᠢᠨᠠᠷ ᠢᠲᠡᠭᠡᠯ ᠪᠢᠰᠢᠷᠡᠯ ᠭᠤᠶᠢᠪᠢᠯᠵᠠᠵᠤ᠂ ᠤᠯᠤᠰ ᠲᠦᠷᠦ ᠶᠢᠨ ᠲᠠᠯ᠎ᠠ ᠪᠠᠷ ᠲᠦᠢᠯ ᠤᠨ ᠰᠡᠷᠭᠡᠭ ᠪᠤᠰᠤ ᠪᠠᠶᠢᠬᠤ ᠶᠢ ᠲᠤᠰᠬᠠᠵᠤ᠂ ᠵᠠᠷᠢᠮ ᠭᠠᠵᠠᠷ ᠣᠷᠣᠨ ᠪᠣᠯᠤᠨ ᠨᠢᠭᠡᠴᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠳᠤᠲᠠᠭᠳᠠᠵᠤ᠂ ᠴᠢᠩᠭ᠎ᠠ ᠠᠭᠤᠷ ᠠᠮᠢᠰᠬᠤᠯ ᠬᠠᠷᠠᠬᠠᠨ ᠵᠢᠩᠬᠢᠨᠢ ᠪᠠᠷ ᠪᠦᠷᠢᠯᠳᠦᠭᠡᠳᠦᠢ ᠪᠠᠶᠢᠬᠤ ᠶᠢ ᠬᠠᠷᠠᠭᠤᠯᠵᠤ ᠪᠠᠶᠢᠨ᠎ᠠ᠃       ︽ᠬᠤᠳᠠᠯ ᠦᠭᠡ ᠬᠡᠯᠡᠬᠦ︾᠂ ︽ᠠᠰᠠᠭᠤᠳᠠᠯ ᠢ ᠲᠠᠷᠤᠬᠤ︾ ᠨᠢ ᠦᠨᠡᠨ ᠳᠡᠭᠡᠨ ᠨᠠᠮ ᠳᠤ ᠦᠨᠡᠨᠴᠢ ᠪᠤᠰᠤ᠂ ᠠᠷᠠᠳ ᠲᠦᠮᠡᠨ ᠳᠤ ᠬᠠᠷᠢᠭᠤᠴᠠᠯᠭ᠎ᠠ ᠦᠭᠡᠢ ᠪᠠᠶᠢᠭ᠎ᠠ ᠶᠠᠪᠤᠳᠠᠯ ᠮᠥᠨ᠃ ︽ᠠᠰᠠᠭᠤᠳᠠᠯ ᠢ ᠲᠠᠷᠤᠬᠤ︾ ᠵᠤᠷᠢᠭ ᠲᠠᠢ ᠬᠥᠮᠦᠰ ᠤᠨ ᠰᠠᠬᠢᠯᠭ᠎ᠠ ᠪᠠᠲᠤ ᠶᠢᠨ ᠦᠵᠡᠯᠲᠡ ᠨᠢ ᠳᠤᠲᠠᠮᠠᠭ ᠪᠠᠶᠢᠵᠤ᠂ ᠭᠤᠷᠢᠳᠠᠯ ᠡᠪᠦᠷᠯᠡᠨ᠂ ᠥᠪᠡᠷ ᠤᠨ ᠠᠷᠭ᠎ᠠ ᠪᠠᠷᠢᠯ ᠨᠢ ᠤᠯᠠᠨ ᠶᠠᠩᠵᠤ ᠶᠢᠨ ᠪᠠᠶᠢᠵᠤ᠂ ᠯᠣᠭᠢᠭ ᠨᠢ ᠨᠢᠭᠲᠠ ᠴᠢᠩᠭ᠎ᠠ᠂ ︽ᠰᠢᠢᠳᠪᠦᠷᠢᠯᠡᠵᠦ ᠴᠢᠳᠠᠨ᠎ᠠ︾ ᠭᠡᠵᠦ ᠦᠵᠡᠳᠡᠭ᠃ ︽ᠬᠦᠨᠳᠤ ᠨᠤᠴᠢᠲᠠᠢ ᠠᠰᠠᠭᠤᠳᠠᠯ︾ ᠨᠢ ᠳᠠᠷᠤᠵᠤ ᠳᠡᠶᠢᠯᠬᠦ ᠦᠭᠡᠢ ᠪᠠᠷ ᠪᠠᠷᠠᠬᠤ ᠦᠭᠡᠢ ᠪᠠᠰᠠ ᠨᠡᠩ ᠶᠡᠭᠡ ᠬᠡᠷᠡᠭ ᠭᠠᠷᠭᠠᠵᠤ᠂ ᠠᠯᠳᠠᠭ᠎ᠠ ᠲᠤᠲᠠᠭᠳᠠᠯ ᠨᠢ ᠢᠯᠡᠷᠡᠨ ᠭᠠᠷᠴᠤ᠂ ᠨᠠᠮ ᠪᠠ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠬᠦᠨᠳᠦ ᠨᠣᠴᠢᠲᠠᠢ ᠨᠥᠯᠥᠭᠡᠯᠡᠬᠦ ᠶᠢ ᠦᠯᠦ ᠮᠡᠳᠡᠨ᠎ᠠ᠃       ︽ᠠᠰᠠᠭᠤᠳᠠᠯ ᠢ ᠲᠠᠷᠤᠬᠤ︾ ᠶᠢᠨ ᠠᠷᠤ ᠳᠤ ᠠᠵᠢᠯ ᠤᠨ ᠪᠦᠲᠦᠮᠵᠢ ᠶᠢᠨ ᠲᠤᠬᠠᠶ ᠬᠡᠪ ᠤᠨ ᠪᠤᠰᠤ ᠦᠵᠡᠯᠲᠡ ᠣᠷᠣᠰᠢᠵᠤ᠂ ᠡᠷᠬᠡ ᠶᠢᠨ ᠲᠤᠬᠠᠶ ᠦᠵᠡᠯᠲᠡ ᠬᠡᠮ ᠬᠢᠵᠦ ᠪᠠᠶᠢᠨ᠎ᠠ᠃ ᠣᠨᠴᠠ ᠵᠠᠷᠢᠮ ᠺᠠᠳ᠋ᠷ ︽ᠵᠡᠷᠭᠡ ᠵᠢᠩᠰᠡ︾ ᠪᠠᠨ ᠠᠷᠠᠳ ᠤᠯᠠᠨ ᠤ ᠦᠨᠳᠦᠰᠦᠨ ᠠᠰᠢᠭ ᠲᠤᠰᠠ ᠠᠴᠠ ᠢᠯᠡᠭᠦᠦ ᠴᠢᠬᠤᠯᠠᠴᠢᠯᠠᠨ ᠦᠵᠡᠵᠦ ᠪᠠᠶᠢᠨ᠎ᠠ᠃ ᠲᠡᠳᠡᠨ ᠤ ᠠᠩᠬᠠᠷᠴᠤ ᠪᠠᠶᠢᠭ᠎ᠠ ᠨᠢ ᠠᠷᠠᠳ ᠲᠦᠮᠡᠨ ᠤ ᠠᠵᠠ ᠵᠢᠷᠭᠠᠯ᠂ ᠦᠨᠡᠨ ᠪᠠᠶᠢᠳᠠᠯ ᠢ ᠲᠤᠰᠬᠠᠬᠤ ᠶᠠᠪᠤᠳᠠᠯ ᠪᠢᠰᠢ᠂ ᠬᠠᠷᠢᠨ ᠲᠤᠰ ᠪᠡᠶ᠎ᠡ ᠶᠢᠨ ᠵᠡᠷᠭᠡ ᠳᠡᠪᠰᠢᠯ᠂ ᠰᠠᠯᠠᠭ᠎ᠠ ᠮᠥᠴᠢᠷ ᠤᠨ ︽ᠨᠡᠷ᠎ᠡ ᠬᠦᠨᠳᠦ︾ ᠪᠣᠯᠤᠨ᠎ᠠ᠃ ᠢᠩᠭᠢᠭᠡᠳ ︽ᠪᠤᠰᠤᠳ ᠲᠤ ᠮᠠᠭᠤ ᠪᠠᠨ ᠮᠡᠳᠡᠭᠦᠯᠬᠦ ᠦᠭᠡᠢ︾ ᠨᠢ ᠠᠵᠢᠯᠯᠠᠭ᠎ᠠ ᠶᠢᠨ ᠵᠢᠷᠤᠮᠯᠠᠯ ᠪᠤᠯᠵᠤ᠂ ᠨᠡᠩ ᠴᠢᠨᠠᠭᠰᠢᠯᠠᠪᠠᠯ ᠵᠠᠷᠢᠮ ᠬᠦᠮᠦᠰ ︽ᠳᠠᠷᠤᠵᠤ ᠳᠡᠶᠢᠯᠬᠦ︾ ᠶᠢ ᠨᠢᠭᠡ ᠵᠦᠢᠯ ᠤᠨ ︽ᠡᠵᠡᠮᠳᠡᠬᠦ ᠴᠢᠳᠠᠪᠤᠷᠢ︾ ᠪᠠᠷ ᠦᠵᠡᠵᠦ᠂ ᠭᠠᠭᠴᠠᠭᠠᠷ ᠡᠵᠡᠨ ᠮᠡᠳᠡᠬᠦ ᠪᠠᠷ ᠭᠤᠷᠢᠳᠠᠳᠠᠭ᠃ ᠤᠳᠤᠷᠢᠳᠬᠤ ᠺᠠᠳ᠋ᠷ ᠨᠢᠭᠡ ᠪᠦᠷᠢ ᠴᠥᠮ ︽ᠵᠡᠷᠭᠡ ᠵᠢᠩᠰᠡ︾ ᠪᠠᠷ ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ ᠨᠢᠩᠵᠢᠨ ᠰᠡᠳᠭᠢᠯ ᠲᠠᠢ ᠪᠠᠶᠢᠬᠤ ᠬᠡᠷᠡᠭᠲᠡᠢ᠂ ᠬᠠᠷᠢᠨ ︽ᠵᠡᠷᠭᠡ ᠵᠢᠩᠰᠡ︾ ᠪᠠᠷ ᠥᠪᠡᠷ ᠤᠨ ᠪᠡᠶ᠎ᠡ ᠳᠡᠭᠡᠨ ᠦᠢᠯᠡᠴᠢᠯᠡᠭᠦᠯᠬᠦ ᠳᠤᠷ᠎ᠠ ᠵᠣᠷᠢᠭ ᠪᠠᠶᠢᠵᠤ ᠪᠣᠯᠬᠤ ᠦᠭᠡᠢ᠂ ᠡᠷᠬᠡᠪᠰᠢ ᠡᠷᠬᠡ ᠪᠠᠨ ᠨᠠᠨᠳᠢᠩᠨᠠᠵᠤ᠂ ᠡᠷᠬᠡ ᠪᠠᠨ ᠰᠠᠶᠢᠲᠤᠷ ᠬᠠᠮᠢᠶᠠᠷᠴᠤ᠂ ᠡᠷᠬᠡ ᠪᠠᠨ ᠪᠣᠯᠭᠤᠮᠵᠢᠲᠠᠢ ᠬᠡᠷᠡᠭᠯᠡᠬᠦ ᠬᠡᠷᠡᠭᠲᠡᠢ᠃       ︽ᠠᠰᠠᠭᠤᠳᠠᠯ ᠢ ᠲᠠᠷᠤᠬᠤ︾ ᠶᠢᠨ ᠬᠤᠣᠷ ᠬᠥᠨᠥᠭᠡᠯ ᠨᠢ ᠶᠠᠮᠠᠷ ᠨᠢᠭᠡᠨ ᠬᠡᠷᠡᠭ ᠶᠠᠪᠤᠳᠠᠯ ᠪᠠ ᠮᠡᠳᠡᠭᠡ ᠵᠠᠩᠭᠢ ᠶᠢ ᠬᠠᠯᠬᠠᠯᠠᠵᠤ ᠵᠠᠳᠠᠷᠠᠭᠤᠯᠬᠤ ᠦᠭᠡᠢ ᠳᠤ ᠯᠠ ᠪᠠᠶᠢᠳᠠᠭ ᠪᠢᠰᠢ᠂ ᠲᠡᠷᠡ ᠨᠢ ᠶᠠᠭ ᠦᠯᠦ ᠦᠵᠡᠭᠳᠡᠬᠦ ᠸᠢᠷᠦ᠋ᠰ ᠰᠢᠭ ᠢᠶᠠᠷ ᠦᠨᠡᠨ ᠠᠴᠠ ᠵᠥᠪ ᠢ ᠡᠷᠢᠬᠦ ᠨᠠᠮᠴᠢ ᠴᠢᠨᠠᠷ ᠤᠨ ᠵᠠᠷᠴᠢᠮ ᠢ ᠬᠦᠨᠳᠦ ᠨᠣᠴᠢᠲᠠᠢ ᠰᠦᠷᠳᠡᠭᠦᠯᠵᠦ᠂ ᠠᠵᠤ ᠠᠬᠤᠢ ᠨᠡᠶᠢᠭᠡᠮ ᠤᠨ ᠡᠷᠡᠭᠦᠯ ᠠᠵᠢᠯᠯᠠᠭᠠᠨ ᠢ ᠰᠡᠮᠡᠭᠡᠷ ᠬᠤᠣᠷᠳᠠᠭᠤᠯᠳᠠᠭ᠃ ︽ᠠᠰᠠᠭᠤᠳᠠᠯ ᠢ ᠲᠠᠷᠤᠬᠤ︾ ᠬᠤᠤᠷᠲᠤ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠨᠠᠯᠲᠠ ᠲᠠᠯᠪᠢᠬᠤ ᠬᠤᠷᠴᠠ ᠰᠡᠯᠡᠮ᠎ᠡ ᠶᠢ ᠡᠷᠬᠡᠪᠰᠢ ᠴᠠᠭ ᠢᠮᠠᠭᠲᠠ ᠪᠡᠯᠡᠬᠡᠨ ᠪᠠᠶᠢᠯᠭᠠᠵᠤ᠂ ᠳᠣᠲᠣᠭᠠᠳᠤ ᠶᠢᠨ ᠬᠢᠨᠠᠯᠲᠠ ᠶᠢ ᠦᠨᠡᠨ ᠬᠦ ᠴᠢᠩᠭᠠᠳᠬᠠᠵᠤ᠂ ᠭᠠᠳᠠᠨᠠᠬᠢ ᠬᠢᠨᠠᠯᠲᠠ ᠶᠢ ᠦᠨᠡᠨ ᠬᠦ ᠰᠢᠯᠤᠭᠤᠳᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠯᠦ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠪᠠᠶᠢᠴᠠᠭᠠᠯᠲᠠ ᠬᠢᠬᠦ ᠶᠢ ᠬᠠᠷᠰᠢᠯᠠᠭᠰᠠᠨ ᠶᠠᠮᠠᠷᠪᠠ ᠦᠢᠯᠡ ᠠᠵᠢᠯᠯᠠᠭ᠎ᠠ ᠳᠤ ᠬᠡᠨ ᠲᠠᠢ ᠬᠤᠯᠪᠤᠭᠳᠠᠭᠰᠠᠨ ᠴᠤ ᠴᠥᠮ ᠡᠷᠬᠡᠪᠰᠢ ᠬᠠᠤᠯᠢ ᠲᠣᠭᠲᠠᠭᠠᠯ ᠶᠣᠰᠣᠭᠠᠷ ᠴᠢᠩᠭ᠎ᠠ ᠵᠠᠯᠬᠠᠭᠠᠨ ᠰᠢᠢᠳᠭᠡᠵᠦ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶ᠎ᠠ ᠶᠢᠨ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠭᠳᠠᠭᠤᠯᠵᠤ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ