6 ᠰᠠᠷ᠎ᠠ ᠶᠢᠨ 7 ᠤ ᠡᠳᠦᠷ ᠪᠣᠯ 2025 ᠣᠨ ᠤ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠩᠬᠠᠳᠤᠭᠠᠷ ᠡᠳᠦᠷ ᠪᠣᠯᠤᠨ᠎ᠠ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠵᠧᠤ ᠬᠠᠶ ᠯᠢᠩ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠲᠣᠭᠤᠷᠢᠭ ᠲᠤ ᠭᠦᠨᠵᠡᠭᠡᠶᠢᠷᠡᠨ ᠲᠣᠭᠤᠷᠢᠨ ᠪᠠᠶᠢᠴᠠᠭᠠᠵᠤ᠂ | ᠰᠢᠯᠭᠠᠭᠤᠯᠤᠭᠰᠠᠳ ᠳᠤ ᠡᠷᠴᠢ ᠵᠣᠷᠢᠭ ᠣᠯᠭᠤᠵᠤ᠂ ᠠᠮᠤᠷ ᠲᠦᠪᠰᠢᠨ ᠢ ᠨᠢ ᠬᠠᠮᠠᠭᠠᠯᠠᠪᠠ᠃ | ᠵᠧᠦ ᠬᠠᠢ ᠯᠢᠩ ᠰᠢᠯᠭᠠᠭᠤᠯᠤᠭᠴᠢ ᠶᠢ ᠬᠠᠷᠰᠢᠯᠠᠬᠤ ᠦᠭᠡᠢ ᠤᠷᠢᠲᠠᠯ ᠳᠣᠣᠷ᠎ᠠ᠂ ᠰᠢᠯᠭᠠᠯᠲᠠ ᠶᠢ ᠵᠣᠬᠢᠶᠠᠨ ᠪᠠᠶᠢᠭᠤᠯᠵᠤ ᠪᠠᠶᠢᠭ᠎ᠠ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠠᠮᠤᠷ ᠲᠦᠪᠰᠢᠨ ᠤ ᠬᠠᠮᠢᠶᠠᠷᠤᠯᠲᠠ᠂ ᠦᠢᠯᠡᠴᠢᠯᠡᠭᠡᠨ ᠤ | ᠪᠠᠲᠤᠯᠠᠭ᠎ᠠ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠨᠢ ᠥᠷᠭᠡᠨ ᠣᠯᠠᠨ ᠰᠤᠷᠤᠭᠴᠢᠳ ᠤᠨ ᠢᠷᠡᠭᠡᠳᠦᠶ ᠲᠠᠢ ᠬᠤᠯᠪᠣᠭᠳᠠᠵᠤ᠂ ᠬᠡᠷ ᠤᠨ ᠠᠬᠠᠮᠠᠳ ᠵᠢᠴᠢ ᠨᠡᠶᠢᠭᠡᠮ ᠤᠨ ᠴᠢᠩ ᠰᠡᠳᠬᠢᠯ ᠤᠨ ᠬᠦᠰᠡᠯ | ᠡᠷᠡᠮᠡᠯᠵᠡᠯ ᠢ ᠠᠴᠢᠶᠠᠯᠠᠵᠤ ᠪᠠᠶᠢᠳᠠᠭ᠂ ᠡᠯ᠎ᠡ ᠰᠠᠯᠠᠭ᠎ᠠ ᠮᠥᠴᠢᠷ ᠤᠳ ᠠᠵᠢᠯ ᠤᠨ ᠶᠠᠪᠤᠴᠠ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠵᠣᠬᠢᠶᠠᠨ ᠪᠠᠶᠢᠭᠤᠯᠬᠤ | ᠰᠢᠯᠭᠠᠯᠲᠠ ᠶᠢᠨ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠮᠥᠷᠲᠡᠭᠡᠨ ᠪᠠᠰᠠ ᠦᠢᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠰᠢᠯᠭᠠᠯᠲᠠ ᠶᠢᠨ ᠲᠠᠯᠠᠪᠠᠶ ᠶᠢᠨ ᠳᠣᠲᠣᠨ᠎ᠠ ᠭᠠᠳᠠᠨ᠎ᠠ᠂ ᠰᠢᠯᠭᠠᠯᠲᠠ ᠶᠢᠨ ᠡᠮᠦᠨ᠎ᠡ ᠬᠤᠶᠢᠨ᠎ᠠ ᠵᠡᠷᠭᠡ ᠭᠤᠭᠴᠤᠭ᠎ᠠ ᠳᠤ ᠪᠥᠬᠦ ᠬᠦᠴᠦᠨ ᠢᠶᠠᠷ ᠢᠶᠠᠨ | ᠬᠠᠮᠤᠭ ᠤᠨ ᠰᠢᠯᠢᠳᠡᠭ᠂ ᠬᠠᠮᠤᠭ ᠤᠨ ᠬᠥᠮᠦᠨᠴᠢ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠤᠯᠠᠨ ᠢᠶᠠᠷ ᠢᠶᠠᠨ ᠡᠷᠬᠡᠪᠰᠢ ᠬᠠᠶᠢᠷ᠎ᠠ ᠰᠡᠳᠬᠢᠯᠭᠡ ᠲᠠᠢ᠂ | ᠬᠠᠷᠢᠭᠤᠴᠠᠯᠭ᠎ᠠ ᠲᠠᠢ ᠪᠠᠶᠢᠵᠤ᠂ ᠰᠢᠯᠭᠠᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠰᠢᠯᠢᠳᠡᠭ ᠰᠢᠯᠭᠠᠯᠲᠠ ᠶᠢᠨ ᠣᠷᠴᠢᠨ | ᠲᠣᠭᠤᠷᠢᠨ ᠢ ᠪᠤᠢ ᠪᠣᠯᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠯᠭᠠᠯᠲᠠ ᠶᠢᠨ ᠲᠣᠭᠤᠷᠢᠭ ᠤᠨ ᠡᠯ᠎ᠡ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |