ᠪᠦᠬᠡᠪᠠᠶᠠᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/6/9
      2025 ᠣᠨ ᠤ ᠵᠤᠨ ᠤ ᠤᠯᠠᠷᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠤᠳᠠᠯ ᠥᠬᠡᠶ ᠶᠠᠪᠤᠭᠳᠠᠬᠤ ᠪᠠᠷ ᠪᠣᠢ᠂ 6 ᠰᠠᠷ᠎ᠠ ᠶᠢᠨ 6 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠬᠠᠢ ᠯᠢᠩ ᠬᠠᠮᠲᠤ ᠣᠷᠣᠯᠴᠠᠪᠠ᠃      ᠪᠦᠬᠡᠪᠠᠶᠠᠷ ᠠᠮᠤᠷ ᠲᠦᠪᠰᠢᠨ ᠤ ᠪᠠᠶᠢᠴᠠᠭᠠᠯᠲᠠ ᠶᠢᠨ ᠲᠣᠭᠤᠷᠢᠭ᠂ ᠰᠢᠯᠭᠠᠯᠲᠠ ᠶᠢᠨ ᠶᠠᠪᠤᠳᠠᠯ ᠤᠨ ᠲᠠᠰᠤᠭ᠂ ᠨᠢᠭᠤᠴᠠ ᠶᠢ ᠬᠠᠮᠠᠭᠠᠯᠠᠬᠤ ᠲᠠᠰᠤᠭ᠂ ᠬᠢᠨᠠᠨ ᠡᠵᠡᠮᠳᠡᠬᠦ ᠲᠠᠰᠤᠭ ᠪᠠ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠳᠤ ᠬᠦᠷᠴᠦ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠠᠴᠠ ᠡᠮᠦᠨᠡᠬᠢ ᠬᠦᠯᠢᠶᠡᠬᠦ ᠶᠠᠪᠤᠴᠠ᠂ ᠲᠣᠭᠤᠷᠢᠨ ᠪᠠᠶᠢᠴᠠᠭᠠᠬᠤ ᠬᠠᠮᠢᠶᠠᠷᠤᠯᠲᠠ᠂ ᠠᠮᠤᠷ ᠢ ᠬᠠᠮᠠᠭᠠᠯᠠᠬᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃      ᠪᠦᠬᠡᠪᠠᠶᠠᠷ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠡ ᠠᠴᠠ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢᠨ ᠬᠥᠮᠦᠰ ᠲᠤ ᠲᠣᠬᠤᠨᠢᠭᠤᠯᠤᠯ ᠪᠠ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠡᠨᠡ ᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠮᠥᠨ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠰᠤᠷᠭᠠᠨ ᠬᠥᠮᠦᠵᠢᠯ ᠤᠨ ᠰᠢᠰᠲ᠋ᠧᠮ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠬᠤ ᠬᠡᠷᠡᠭᠲᠡᠶ᠃ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠲᠠᠭᠤ ᠱᠤᠤᠭᠢᠶᠠᠨ ᠢ ᠬᠤᠷᠢᠭᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠠᠵᠢᠯ ᠢ ᠨᠢᠭᠲᠠ ᠬᠤᠯᠪᠣᠯᠳᠤᠭᠤᠯᠤᠨ᠂ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠣᠷᠴᠢᠨ ᠲᠣᠭᠤᠷᠢᠨ ᠳᠤ ᠶᠠᠪᠤᠭᠳᠠᠬᠤ ᠶᠢ ᠦᠨᠡᠨᠬᠦ ᠪᠠᠲᠤᠯᠠᠵᠤ᠂ ᠰᠢᠯᠭᠠᠭᠤᠯᠤᠭᠴᠢ ᠨᠢᠭᠡᠪᠦᠷᠢ ᠶᠢ ᠴᠥᠮ ᠰᠠᠨᠠᠭ᠎ᠠ ᠠᠮᠤᠷ ᠰᠢᠯᠭᠠᠯᠲᠠ ᠳᠤ ᠣᠷᠣᠯᠴᠠᠭᠤᠯᠵᠤ᠂ ︽ᠠᠮᠤᠷ ᠲᠦᠪᠰᠢᠨ ᠢᠶᠠᠷ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ︾ ᠠᠵᠢᠯ ᠤᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ