ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ ︵2025.6.2 — 2025.6.8︶
ᠨᠡᠶᠢᠲᠡᠯᠡᠭᠰᠡᠨ ᠴᠠᠭ᠄
2025/6/9
      ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃      ᠪᠦᠬᠡᠪᠠᠶᠠᠷ ᠪᠦᠬᠦ ᠬᠤᠰᠢᠭᠤᠨ ᠤ ᠪᠠᠭᠠᠴᠤᠳ ᠬᠡᠥᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ      ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠣᠯᠠᠨ ᠬᠡᠯᠪᠡᠷᠢ᠂ ᠪᠠᠶᠠᠯᠢᠭ ᠠᠭᠤᠯᠭ᠎ᠠ ᠲᠠᠢ ︽ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠬᠦ︾ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠥᠪᠡᠷ ᠤᠨ ᠪᠡᠶ᠎ᠡ ᠪᠠᠨ ᠳᠡᠯᠭᠡᠨ ᠦᠵᠡᠭᠦᠯᠬᠦ ᠲᠠᠪᠴᠠᠩ ᠪᠠᠢᠭᠤᠯᠵᠤ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠭᠤᠯ ᠢ ᠪᠣᠢ ᠪᠣᠯᠭᠠᠪᠠ᠃ 5 ᠰᠠᠷ᠎ᠠ ᠶᠢᠨ 30 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠨᠢᠭᠡᠳᠦᠭᠡᠷ ᠬᠡᠤᠬᠡᠳ ᠤᠨ ᠴᠡᠴᠡᠷᠯᠢᠭ ᠲᠤ ᠬᠦᠷᠴᠦ᠂ ᠬᠡᠦᠬᠡᠳ ᠤᠳ ᠲᠠᠢ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠪᠥᠬᠦ ᠬᠤᠰᠢᠭᠤᠨ ᠤ ᠪᠠᠭᠠᠴᠤᠳ ᠬᠡᠤᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠪᠥᠬᠦ ᠬᠤᠰᠢᠭᠤᠨ ᠤ ᠪᠠᠭᠠᠴᠤᠳ ᠬᠡᠤᠬᠡᠳ ᠤᠨ ᠦᠢᠯᠡᠰ ᠤᠨ ᠬᠥᠭᠵᠢᠯᠲᠡ ᠳᠤ ᠰᠢᠷᠭᠠᠭᠤ ᠴᠢᠷᠮᠠᠶᠢᠯᠭ᠎ᠠ ᠭᠠᠷᠭᠠᠭᠰᠠᠨ ᠥᠷᠭᠡᠨ ᠣᠯᠠᠨ ᠪᠠᠭᠰᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ      5 ᠰᠠᠷ᠎ᠠ ᠶᠢᠨ 30 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠪᠦᠬᠡᠪᠠᠶᠠᠷ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ᠂ ᠳᠠᠬᠢᠨ ᠠᠰᠢᠭᠯᠠᠬᠤ ᠤᠰᠤ ᠶᠢ ᠡᠭᠡᠭᠦᠯᠦᠨ ᠬᠡᠷᠡᠭᠯᠡᠬᠦ ᠵᠡᠷᠭᠡ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ      6 ᠰᠠᠷ᠎ᠠ ᠶᠢᠨ 3 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠬᠢᠭᠡᠳ ᠬᠠᠮᠠᠭᠠᠯᠠᠯᠲᠠ᠂ ᠭᠤᠤᠯ ᠤᠨ ᠵᠠᠮ ᠢ ᠵᠠᠰᠠᠬᠤ᠂ ᠳᠠᠬᠢᠨ ᠠᠰᠢᠭᠯᠠᠬᠤ ᠤᠰᠤ ᠤᠰᠤ ᠶᠢ ᠡᠭᠡᠭᠦᠯᠦᠨ ᠬᠡᠷᠡᠭᠯᠡᠬᠦ ᠵᠢᠴᠢ ᠭᠤᠤᠯ ᠪᠠᠯᠭᠠᠰᠤᠨ ᠤ ᠲᠣᠭᠤᠷᠢᠭ ᠤᠨ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠣᠯᠣᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠪᠦᠬᠡᠪᠠᠶᠠᠷ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ      6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 112 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ      6 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 112 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠰᠢᠭᠤᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠳᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠵᠢᠯᠤᠭᠤᠳᠬᠤ ᠭᠠᠵᠠᠷ ᠤᠨ ᠡᠷᠬᠢᠯᠡᠭᠴᠢ ᠶᠢᠨ ᠬᠤᠷᠠᠯ ᠬᠤᠷᠠᠯᠳᠤᠪᠠ      6 ᠰᠠᠷ᠎ᠠ ᠶᠢᠨ 5 ᠤ ᠡᠳᠦᠷ᠂ ᠬᠤᠰᠢᠭᠤᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠵᠢᠯᠣᠭᠤᠳᠬᠤ ᠭᠠᠵᠠᠷ ᠤᠨ ᠡᠷᠬᠢᠯᠡᠭᠴᠢ ᠶᠢᠨ ᠬᠤᠷᠠᠯ ᠬᠤᠷᠠᠯᠳᠤᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠶᠦᠩ ᠯᠢ ᠬᠤᠷᠠᠯ ᠳᠤ ᠣᠷᠣᠯᠴᠠᠪᠠ᠃ ᠬᠤᠷᠠᠯ ᠠᠴᠠ ᠵᠢᠯᠣᠭᠤᠳᠬᠤ ᠭᠠᠵᠠᠷ ᠤᠨ ᠪᠠᠶᠢᠭᠤᠯᠤᠮᠵᠢ ᠳᠤ ᠲᠤᠬᠢᠷᠠᠭᠤᠯᠤᠯᠳᠠ ᠬᠢᠭᠰᠡᠨ ᠪᠠᠶᠢᠳᠠᠯ ᠢ ᠲᠣᠳᠣᠷᠬᠠᠶᠢᠯᠠᠵᠤ᠂ ᠡᠯ᠎ᠡ ᠲᠤᠰᠬᠠᠢ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠦᠬᠡᠪᠠᠶᠠᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠯᠲᠠ ᠬᠢᠪᠡ      2025 ᠣᠨ ᠤ ᠵᠤᠨ ᠤ ᠤᠯᠠᠷᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠤᠳᠠᠯ ᠥᠬᠡᠶ ᠶᠠᠪᠤᠭᠳᠠᠬᠤ ᠪᠠᠷ ᠪᠣᠢ᠂ 6 ᠰᠠᠷ᠎ᠠ ᠶᠢᠨ 6 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠬᠠᠢ ᠯᠢᠩ ᠬᠠᠮᠲᠤ ᠣᠷᠣᠯᠴᠠᠪᠠ᠃ ᠪᠦᠬᠡᠪᠠᠶᠠᠷ ᠠᠮᠤᠷ ᠲᠦᠪᠰᠢᠨ ᠤ ᠪᠠᠶᠢᠴᠠᠭᠠᠯᠲᠠ ᠶᠢᠨ ᠲᠣᠭᠤᠷᠢᠭ᠂ ᠰᠢᠯᠭᠠᠯᠲᠠ ᠶᠢᠨ ᠶᠠᠪᠤᠳᠠᠯ ᠤᠨ ᠲᠠᠰᠤᠭ᠂ ᠨᠢᠭᠤᠴᠠ ᠶᠢ ᠬᠠᠮᠠᠭᠠᠯᠠᠬᠤ ᠲᠠᠰᠤᠭ᠂ ᠬᠢᠨᠠᠨ ᠡᠵᠡᠮᠳᠡᠬᠦ ᠲᠠᠰᠤᠭ ᠪᠠ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠳᠤ ᠬᠦᠷᠴᠦ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠠᠴᠠ ᠡᠮᠦᠨᠡᠬᠢ ᠬᠦᠯᠢᠶᠡᠬᠦ ᠶᠠᠪᠤᠴᠠ᠂ ᠲᠣᠭᠤᠷᠢᠨ ᠪᠠᠶᠢᠴᠠᠭᠠᠬᠤ ᠬᠠᠮᠢᠶᠠᠷᠤᠯᠲᠠ᠂ ᠠᠮᠤᠷ ᠢ ᠬᠠᠮᠠᠭᠠᠯᠠᠬᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ